ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ ᠨᠠᠮ ᠤᠨ ᠳᠦᠪ | ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠬᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 9 ᠤ ᠡᠳᠦᠷ ᠤᠨ ᠣᠢᠲᠠ ᠶᠢᠨ ᠬᠤᠶᠢᠨ᠎ᠠ ᠠᠵᠤ ᠠᠬᠤᠢ ᠶᠢᠨ ᠪᠠᠶᠢᠳᠠᠯ ᠤᠨ | ᠲᠤᠰᠬᠠᠢ ᠮᠡᠷᠭᠡᠵᠢᠯᠲᠡᠨ ᠪᠠ ᠠᠵᠤ ᠠᠬᠤᠶᠢᠯᠠᠯ ᠤᠨ ᠲᠤᠬᠠᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ | ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ | ᠰᠠᠨᠠᠭᠤᠯᠭ᠎ᠠ ᠶᠢ ᠰᠣᠨᠣᠰᠴᠠᠢ᠃ | ᠶᠠᠷᠢᠯᠴᠠᠬᠤ ᠬᠤᠷᠠᠯ ᠳᠡᠭᠡᠷ᠎ᠡ᠂ ᠵᠠᠩ ᠪᠢᠨ᠂ ᠯᠢ ᠰᠢᠶᠦ᠋ᠨ ᠯᠧᠢ᠂ ᠱᠧᠨ ᠵᠢᠶᠠᠨ ᠭᠤᠸᠠᠩ᠂ ᠸᠠᠨ ᠮᠢᠨ᠂ ᠵᠧᠩ ᠶᠢᠨ᠂ | ᠫᠧᠩ ᡁᠢ ᠬᠤᠢ᠂ ᠸᠠᠩ ᠰᠢᠶᠦ᠋ᠨ ᠨᠡᠷ ᠤᠷᠢᠳ ᠬᠤᠵᠢᠳ ᠦᠭᠡ ᠬᠡᠯᠡᠪᠡ᠃ ᠣᠯᠠᠨ ᠢᠶᠠᠷ ᠢᠶᠠᠨ᠂ ᠡᠨᠡ ᠵᠢᠯ ᠠᠴᠠ ᠨᠠᠭᠠᠰᠢ᠂ | ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠢᠨ᠎ᠡ ᠲᠡᠶᠢᠰᠢ | ᠬᠥᠭᠵᠢᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠲᠦᠷᠭᠡᠨ ᠪᠤᠵᠠᠭᠠᠶᠢᠷᠠᠪᠠ᠃ ᠬᠡᠳᠦ᠋ᠢᠪᠡᠷ ᠭᠠᠳᠠᠭᠠᠳᠤ ᠣᠷᠴᠢᠨ | ᠠᠬᠤᠢ ᠶᠢᠨ ᠬᠤᠪᠢᠷᠠᠯᠲᠠ ᠳᠤ ᠴᠥᠭᠡᠨ ᠪᠤᠰᠤ ᠬᠦᠴᠢᠷᠳᠡᠯ ᠠᠪᠴᠢᠷᠠᠭᠰᠠᠨ ᠪᠣᠯᠪᠠᠴᠤ ᠮᠠᠨ ᠤ ᠤᠯᠤᠰ ᠤᠨ ᠠᠵᠤ | ᠠᠬᠤᠢ ᠶᠢᠨ ᠳᠠᠪᠠᠭᠤᠯᠢᠭ ᠣᠯᠠᠨ᠂ ᠤᠶᠠᠨ ᠬᠠᠳᠠᠨ ᠴᠢᠨᠠᠷ ᠢᠶᠠᠷ ᠴᠢᠩᠭ᠎ᠠ᠂ ᠳᠠᠯᠳᠠ ᠴᠢᠳᠠᠪᠤᠷᠢ ᠪᠠᠷ ᠶᠡᠭᠡ᠂ | ᠬᠥᠭᠵᠢᠯᠲᠡ ᠶᠢᠨ ᠢᠷᠡᠭᠡᠳᠦᠢ ᠤᠷᠲᠤ ᠬᠤᠭᠤᠴᠠᠭ᠎ᠠ ᠪᠠᠷ ᠰᠠᠶᠢᠨ ᠪᠠᠶᠢᠨ᠎ᠠ᠃ ᠣᠯᠠᠨ ᠢᠶᠠᠷ ᠢᠶᠠᠨ ᠪᠠᠰᠠ ᠭᠠᠳᠠᠭᠠᠳᠤ | ᠲᠠᠭᠠᠷᠢᠯᠳᠠ ᠶᠢ ᠠᠷᠭᠠᠴᠠᠭᠠᠬᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠲᠤᠬᠠᠢ ᠰᠠᠨᠠᠯ | ᠰᠠᠨᠠᠭᠤᠯᠭ᠎ᠠ ᠳᠤᠷᠠᠳᠴᠠᠢ᠃ | ᠲᠤᠰᠬᠠᠢ ᠮᠡᠷᠭᠡᠵᠢᠯᠲᠡᠨ ᠪᠣᠯᠤᠨ ᠠᠵᠤ ᠠᠬᠤᠶᠢᠯᠠᠯᠲᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ | ᠯᠢ ᠴᠢᠶᠠᠩ᠂ ᠡᠨᠡ ᠵᠢᠯ ᠤᠨ ᠪᠠᠶᠢᠳᠠᠯ ᠨᠡᠯᠢᠶᠡᠳ ᠣᠨᠴᠠᠭᠠᠢ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠥᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠵᠤ᠂ ᠨᠢᠭᠡᠳᠦᠭᠡᠷ ᠤᠯᠠᠷᠢᠯ ᠳᠤ ᠠᠵᠤ ᠠᠬᠤᠢ ᠶᠢᠨ ᠠᠵᠢᠯᠯᠠᠭᠠᠨ | ᠦᠷᠭᠦᠯᠵᠢᠯᠡᠨ ᠰᠠᠶᠢᠵᠢᠷᠠᠪᠠ᠃ ᠡᠭᠦᠨ ᠤ ᠬᠠᠮᠲᠤ᠂ ᠭᠠᠳᠠᠭᠠᠳᠤ ᠳᠠᠭᠠᠷᠢᠯᠲᠠ ᠨᠢ ᠮᠠᠨ ᠤ ᠤᠯᠤᠰ ᠤᠨ ᠠᠵᠤ ᠠᠬᠤᠢ ᠶᠢᠨ | ᠲᠣᠭᠲᠠᠭᠤᠨ ᠠᠵᠢᠯᠯᠠᠭᠠᠨ ᠳᠤ ᠵᠣᠬᠢᠬᠤ ᠳᠠᠷᠤᠯᠲᠠ ᠪᠣᠯᠵᠤ ᠪᠠᠶᠢᠬᠤ ᠶᠢ ᠰᠡᠷᠭᠡᠭ ᠢᠶᠠᠷ ᠣᠯᠵᠤ ᠦᠵᠡᠬᠦ ᠬᠡᠷᠡᠭᠲᠡᠢ᠃ ᠪᠢᠳᠡ | ᠡᠭᠦᠨ ᠢ ᠬᠦᠢᠢᠴᠠᠣᠠ ᠵᠢᠱᠢᠵᠦ᠂ ᠡᠯ᠎ᠡ ᠵᠦᠢᠯ ᠤᠨ ᠲᠣᠭᠲᠠᠭᠠᠯᠲᠤ ᠪᠤᠰᠤ ᠬᠦᠢᠴᠣᠠ ᠵᠦᠢᠯ ᠢ ᠠᠷᠭᠠᠴᠠᠬᠤ ᠪᠡᠯᠡᠳᠬᠡᠯ | ᠠᠵᠢᠯ ᠢ ᠰᠠᠶᠢᠨ ᠬᠢᠭᠰᠠᠨ ᠪᠠᠶᠢᠨ᠎ᠠ᠃ ᠮᠠᠨ ᠤ ᠤᠯᠤᠰ ᠤᠨ ᠬᠥᠭᠵᠢᠯᠲᠡ ᠶᠡᠷᠦ ᠠᠴᠠ ᠬᠦᠴᠢᠷ ᠪᠡᠷᠬᠡᠰᠢᠶᠡᠯ | ᠥᠷᠢᠰᠥᠯᠳᠦᠭᠡᠨ ᠢ ᠢᠯᠠᠨ ᠳᠠᠪᠠᠭ᠋ᠤ ᠳᠤᠮᠳᠠ ᠤᠷᠤᠭᠰᠢᠯᠠᠭᠰᠠᠭᠠᠷ ᠢᠷᠡᠭᠰᠡᠨ ᠶᠤᠮ᠂ ᠪᠢᠳᠡ ᠢᠲᠡᠭᠡᠯ ᠵᠣᠷᠢᠭ ᠢᠶᠠᠨ | ᠪᠠᠲᠤᠳᠬᠠᠵᠤ᠂ ᠪᠦᠯᠬᠦᠮᠳᠡᠨ ᠲᠡᠮᠡᠴᠡᠵᠦ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠬᠦ ᠳᠤ ᠯᠠ | ᠶᠤᠮ ᠪᠣᠯ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠵᠤ᠂ ᠳᠤᠮᠳᠠᠳᠤ ᠤᠯᠤᠰ ᠤᠨ ᠠᠵᠤ ᠠᠬᠤᠢ ᠶᠢᠨ | ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ ᠴᠢᠳᠠᠨ᠎ᠠ᠃ | ᠯᠢ ᠴᠢᠶᠠᠩ ᠴᠢᠬᠤᠯᠠᠴᠢᠯᠠᠭᠰᠠᠨ ᠨᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ | ᠬᠤᠪᠢᠷᠠᠯᠲᠠ ᠶᠢᠨ ᠡᠮᠦᠨ᠎ᠡ᠂ ᠬᠤᠶᠠᠳᠤᠭᠠᠷ ᠤᠯᠠᠷᠢᠯ ᠪᠣᠯᠤᠨ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠨᠢ ᠨᠡᠩ ᠴᠢᠬᠤᠯᠠ ᠶᠤᠮ᠂ ᠡᠯ᠎ᠡ ᠵᠦᠢᠯ ᠤᠨ ᠠᠵᠢᠯ ᠳᠤ ᠴᠥᠮ ᠦᠷᠭᠦᠯᠵᠢᠯᠡᠨ ᠬᠦᠴᠦᠯᠡᠵᠦ᠂ ᠨᠡᠩ | ᠢᠯᠡᠭᠦᠦ ᠬᠦᠴᠦ ᠣᠷᠣᠭᠤᠯᠬᠤ ᠬᠡᠷᠡᠭᠲᠡᠢ᠃ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠤᠷᠢᠳ ᠢᠶᠠᠷ ᠬᠦᠴᠦᠯᠡᠵᠦ ᠪᠠᠶᠢᠭᠠᠳ ᠨᠢᠭᠡᠨᠲᠡ ᠲᠣᠭᠲᠠᠭᠠᠭᠰᠠᠨ ᠲᠥᠷᠥ ᠶᠢᠨ | ᠪᠣᠳᠣᠯᠭ᠎ᠠ ᠶᠢ ᠲᠦᠷᠭᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠠᠶᠢᠳᠠᠯ ᠤᠨ ᠬᠡᠷᠡᠭᠴᠡᠭᠡ ᠶᠢ | ᠦᠨᠳᠦᠰᠦᠯᠡᠨ ᠨᠡᠮᠡᠭᠳᠡᠯ ᠤᠨ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠬᠡᠷᠡᠭᠵᠢᠭᠦᠯᠵᠦ᠂ ᠬᠦᠴᠦᠲᠡᠢ | ᠪᠦᠲᠦᠮᠵᠢᠲᠡᠢ ᠲᠥᠷᠥ ᠶᠢᠨ ᠪᠣᠳᠣᠯᠭ᠎ᠠ ᠪᠠᠷ ᠭᠠᠳᠠᠭᠠᠳᠤ ᠣᠷᠴᠢᠨ ᠲᠣᠭᠤᠷᠢᠨ ᠤ ᠲᠣᠭᠲᠠᠪᠤᠷᠢ ᠦᠭᠡᠢ ᠴᠢᠨᠠᠷ ᠢ | ᠠᠷᠭᠠᠴᠠᠭᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠤᠷᠲᠤ ᠬᠤᠭᠤᠴᠠᠭᠠᠨ ᠤ ᠪᠠᠶᠢᠯᠳᠤᠬᠤ ᠪᠣᠳᠣᠯᠭ᠎ᠠ ᠪᠣᠯᠭᠠᠵᠤ᠂ ᠡᠷᠴᠢᠮ ᠢᠶᠠᠨ | ᠴᠢᠩᠭᠠᠷᠠᠭᠤᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠰᠠᠶᠢᠲᠤᠷ ᠠᠳᠬᠤᠬᠤ ᠶᠢᠨ ᠬᠠᠮᠲᠤ | ᠦᠢᠯᠡᠴᠢᠯᠡᠭᠡᠨ ᠤ ᠬᠡᠷᠡᠭᠯᠡᠭᠡᠨ ᠤ ᠳᠠᠯᠳᠠ ᠬᠦᠴᠦᠨ ᠢ ᠲᠦᠷᠭᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠬᠨᠢᠭ᠋ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠦᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠴᠢᠨᠠᠷ ᠰᠠᠶᠢᠲᠠᠢ ᠬᠠᠩᠭᠠᠯᠭ᠎ᠠ ᠪᠠᠷ ᠬᠡᠷᠡᠭᠴᠡᠭᠡ ᠱᠠᠭᠠᠷᠳᠠᠯᠭ᠎ᠠ ᠶᠢ ᠬᠥᠲᠥᠯᠥᠨ ᠳᠠᠭᠠᠭᠤᠯᠵᠤ᠂ ᠬᠡᠷᠡᠭᠴᠡᠭᠡ ᠶᠢ ᠡᠭᠦᠳᠬᠦ | ᠬᠡᠷᠡᠭᠲᠡᠢ᠃ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠵᠦ᠂ ᠡᠯ᠎ᠡ ᠵᠦᠢᠯ ᠤᠨ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠬᠦᠴᠦᠯᠡᠨ ᠵᠢᠷᠤᠮᠵᠢᠭᠤᠯᠵᠤ᠂ ᠳᠠᠩᠰᠠᠨ ᠤ ᠵᠣᠭᠤᠰ ᠢ | ᠥᠷᠢᠲᠦᠬᠦ᠂ ᠪᠡᠯᠡ ᠬᠤᠷᠠᠮᠳᠤᠭᠤᠯᠬᠤ ᠳᠤ ᠬᠦᠴᠢᠷᠲᠡᠢ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ | ᠴᠢᠨᠠᠭᠰᠢᠳᠠ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠦᠨᠡᠨ | ᠪᠣᠳᠠᠲᠠᠢ ᠰᠢᠢᠳᠪᠦᠷᠢᠯᠡᠵᠦ᠂ ᠠᠵᠤ ᠠᠬᠤᠶᠢᠯᠠᠯ ᠳᠤ ᠨᠡᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠪᠠ ᠲᠥᠷᠥ ᠶᠢᠨ | ᠪᠣᠳᠣᠯᠭ᠎ᠠ ᠶᠢᠨ ᠦᠢᠯᠡᠴᠢᠯᠡᠭᠡ ᠶᠢ ᠴᠢᠷᠮᠠᠶᠢᠨ ᠬᠠᠩᠭᠠᠬᠤ ᠬᠡᠷᠡᠭᠲᠡᠢ᠃ | ᠯᠢ ᠴᠢᠶᠠᠩ᠂ ᠥᠷᠭᠡᠨ ᠣᠯᠠᠨ ᠠᠵᠤ ᠠᠬᠤᠶᠢᠯᠠᠯᠲᠠᠳ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ | ᠬᠤᠪᠢᠷᠠᠯᠲᠠ ᠶᠢ ᠢᠳᠡᠪᠬᠢᠲᠡᠢ ᠪᠠᠷ ᠠᠷᠭᠠᠴᠠᠵᠤ᠂ ᠲᠤᠮᠦ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ | ᠰᠠᠶᠢᠲᠤᠷ ᠬᠢᠵᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠬᠦᠰᠡᠪᠡ᠃ | ᠲᠤᠰᠬᠠᠢ ᠮᠡᠷᠭᠡᠵᠢᠯᠲᠡᠨ ᠡᠷᠳᠡᠮᠲᠡᠳ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠠᠬᠤᠢ ᠶᠢᠨ | ᠠᠵᠢᠯᠯᠠᠭᠠᠨ ᠤ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠤᠨ ᠲᠣᠭᠤᠷᠢᠨ ᠳᠤ ᠤᠷᠢᠳᠠᠴᠢ ᠴᠢᠨᠠᠷᠲᠠᠢ᠂ ᠪᠦᠲᠦᠭᠡᠯᠴᠢ | ᠴᠢᠨᠠᠷᠲᠠᠢ ᠰᠠᠨᠠᠯ ᠢ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ᠃ | ᠡᠦ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠪᠠ᠃ |