ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠶ | ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠭᠡᠨ ᠪᠠᠶᠢᠭᠤᠯᠬᠤ ᠲᠤᠬᠠᠶ ᠰᠠᠨᠠᠯ︾ ︵ᠳᠣᠷᠣᠭᠰᠢ ︽ | ᠰᠠᠨᠠᠯ︾ ᠭᠡᠵᠦ ᠲᠦᠬᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠴᠢᠨᠠᠷ ᠰᠠᠶᠢᠲᠠᠶ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠶ ᠭᠦᠢᠴᠡᠳ | ᠠᠵᠢᠯ ᠣᠯᠭᠤᠯᠲᠠ ᠶᠢ ᠠᠬᠢᠭᠤᠯᠬᠤ ᠲᠤᠬᠠᠢ ᠬᠤᠯᠪᠣᠭᠳᠠᠯ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃ | ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠭᠤᠤᠯᠳᠠᠯᠭ᠎ᠠ ᠶᠢᠨ ᠳᠤᠳᠤᠷᠠᠬᠢ | ᠭᠤᠤᠯᠳᠠᠯᠭ᠎ᠠ ᠪᠣᠯᠭᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠵᠢᠭᠦᠯᠦᠨ | ᠰᠠᠶᠢᠲᠤᠷ ᠠᠳᠬᠤᠵᠤ᠂ ᠠᠵᠤ ᠦᠢᠯᠡᠰ ᠤᠨ ᠦᠵᠦᠭᠦᠷᠯᠢᠭ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠠᠵᠢᠯ | ᠣᠯᠭᠤᠯᠲᠠ ᠶᠢᠨ ᠦᠵᠦᠭᠦᠷᠯᠢᠭ ᠤᠨ ᠦᠨᠡᠯᠡᠯᠲᠡ ᠶᠢᠨ ᠬᠠᠷᠢᠭᠤ ᠲᠤᠰᠬᠠᠯ ᠢᠶᠠᠷ ᠵᠢᠯᠣᠭᠤᠳᠣᠯᠭ᠎ᠠ ᠪᠣᠯᠭᠠᠵᠤ᠂ ᠬᠥᠮᠦᠵᠢᠭᠦᠯᠵᠦ | ᠬᠠᠩᠭᠠᠬᠤ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠬᠢᠬᠦ᠂ ᠠᠵᠢᠯ ᠡᠷᠢᠵᠦ ᠠᠵᠢᠯᠲᠠᠨ ᠡᠯᠰᠡᠬᠦ᠂ ᠬᠠᠪᠰᠤᠷᠤᠨ ᠲᠡᠳᠬᠦᠵᠦ | ᠲᠤᠰᠠᠯᠠᠬᠤ᠂ ᠬᠢᠨᠠᠨ ᠬᠡᠮᠵᠢᠵᠦ ᠦᠨᠡᠯᠡᠬᠦ ᠵᠡᠷᠭᠡ ᠦᠢᠯᠡᠴᠢᠯᠡᠭᠡ ᠶᠢ ᠪᠦᠬᠦ ᠬᠡᠯᠬᠢᠶ᠎ᠡ ᠪᠠᠷ ᠰᠢᠯᠢᠳᠡᠭᠵᠢᠭᠦᠯᠵᠦ᠂ ᠨᠡᠩ ᠤᠯᠠᠨ | ᠰᠤᠷᠤᠭᠰᠠᠨ ᠪᠠ ᠳᠠᠪᠠᠭᠤᠯᠢᠭ ᠢᠶᠠᠨ ᠪᠠᠳᠠᠷᠠᠭᠤᠯᠬᠤ ᠳᠤ ᠠᠰᠢᠭᠲᠠᠢ ᠠᠵᠢᠯ ᠣᠯᠭᠤᠬᠤ ᠠᠵᠢᠯ ᠤᠨ ᠪᠠᠶᠢᠷᠢ ᠶᠢ ᠨᠡᠬᠡᠭᠡᠵᠦ᠂ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠬᠥᠮᠦᠨ ᠪᠠ ᠠᠵᠢᠯ ᠤᠨ ᠪᠠᠶᠢᠷᠢ ᠶᠢ | ᠬᠠᠷᠢᠯᠴᠠᠨ ᠵᠣᠬᠢᠴᠠᠭᠤᠯᠬᠤ᠂ ᠬᠦᠮᠦᠨ ᠤ ᠳᠠᠪᠠᠭᠤᠯᠢᠭ ᠢ ᠨᠢ ᠦᠵᠡᠵᠦ ᠬᠡᠷᠡᠭᠯᠡᠬᠦ᠂ ᠬᠦᠮᠦᠨ ᠤ ᠴᠢᠳᠠᠪᠤᠷᠢ ᠶᠢ ᠨᠢ ᠪᠦᠷᠢᠨ | ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠦᠨ᠎ᠡ᠃ 3 ᠠᠴᠠ 5 ᠵᠢᠯ ᠦᠷᠭᠦᠯᠵᠢᠯᠡᠨ ᠴᠢᠷᠮᠠᠶᠢᠬᠤ ᠪᠠᠷ ᠳᠡᠮᠵᠢᠨ᠂ ᠪᠥᠬᠦ ᠠᠵᠢᠯᠲᠠᠨ ᠢ ᠬᠠᠮᠤᠷᠤᠭᠰᠠᠨ᠂ | ᠴᠢᠳᠠᠮᠵᠢ ᠨᠢ ᠪᠦᠷᠢᠨ ᠲᠡᠭᠦᠯᠳᠡᠷ᠂ ᠪᠠᠲᠤᠯᠠᠭ᠎ᠠ ᠨᠢ ᠬᠦᠴᠦᠲᠡᠶ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ | ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠶ ᠭᠦᠢᠴᠡᠳ ᠠᠵᠢᠯ ᠤᠯᠬᠤ ᠶᠢ | ᠠᠬᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | ︽ᠰᠠᠨᠠᠯ︾ ᠳᠤ᠂ ᠬᠥᠮᠦᠵᠢᠭᠦᠯᠵᠦ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ ᠬᠥᠭᠵᠢᠯᠲᠡ ᠶᠢᠨ | ᠬᠠᠨᠳᠤᠰᠢ ᠵᠢᠴᠢ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠴᠢᠳᠠᠪᠤᠷᠢᠲᠠᠨ ᠤ ᠬᠠᠩᠭᠠᠯᠭ᠎ᠠ | ᠬᠡᠷᠡᠭᠴᠡᠭᠡ ᠶᠢᠨ ᠬᠠᠷᠢᠴᠠᠭᠠᠨ ᠤ ᠪᠠᠷᠠᠯᠠᠯᠲᠤ ᠴᠢᠨᠠᠷᠲᠠᠶ ᠵᠠᠳᠠᠯᠤᠯᠲᠠ ᠶᠢ ᠥᠷᠨᠢᠭᠦᠯᠦᠨ᠎ᠡ᠃ ᠬᠠᠩᠭᠠᠯᠭ᠎ᠠ ᠬᠡᠷᠡᠭᠴᠡᠭᠡ ᠶᠢᠨ | ᠲᠣᠬᠢᠷᠠᠭᠤᠯᠤᠯᠲᠠ ᠪᠠᠷ ᠤᠳᠤᠷᠢᠳᠤᠮᠵᠢ ᠪᠣᠯᠭᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠪᠠ ᠡᠬᠢ | ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠬᠥᠳᠡᠯᠦᠩᠭᠦᠶ ᠪᠠᠷ ᠲᠣᠬᠢᠷᠠᠭᠤᠯᠵᠤ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠬᠡᠪᠴᠢᠶ᠎ᠡ᠂ ᠪᠦᠲᠦᠴᠡ᠂ ᠶᠠᠰᠤ ᠴᠢᠨᠠᠷ ᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ | ᠱᠠᠭᠠᠷᠳᠠᠯᠭ᠎ᠠ ᠳᠤ ᠨᠠᠩ ᠢᠯᠡᠭᠦᠦ ᠨᠡᠶᠢᠴᠡᠭᠦᠯᠬᠦ ᠶᠢ ᠠᠬᠢᠭᠤᠯᠤᠨ᠎ᠠ᠃ ᠰᠣᠷᠣᠭᠴᠢ ᠡᠯᠰᠡᠬᠦ ᠲᠥᠯᠥᠪᠯᠡᠭᠡ᠂ ᠴᠢᠳᠠᠪᠤᠷᠢᠲᠠᠨ | ᠬᠥᠮᠦᠵᠢᠭᠦᠯᠬᠦ ᠬᠢᠭᠡᠳ ᠠᠵᠢᠯ ᠣᠯᠭᠤᠬᠤ ᠶᠢᠨ ᠬᠠᠮᠲᠤᠷᠠᠨ ᠬᠥᠳᠡᠯᠦᠯᠴᠡᠬᠦ ᠲᠣᠭᠲᠡᠴᠡ ᠶᠢ ᠲᠡᠭᠦᠯᠳᠡᠷᠵᠢᠭᠦᠯᠵᠦ᠂ ᠰᠣᠷᠣᠭᠴᠢ | ᠡᠯᠰᠡᠬᠦ ᠲᠥᠯᠥᠪᠯᠡᠭᠡ ᠶᠢᠨ ᠬᠤᠪᠢᠶᠠᠷᠢᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠨᠠᠩ | ᠠᠮᠢᠳᠤᠯᠢᠭ ᠰᠤᠷᠤᠯᠴᠠᠬᠤ ᠲᠦᠷᠢᠮ ᠪᠠᠶᠢᠭᠤᠯᠬᠤ ᠶᠢ ᠵᠣᠷᠢᠭᠵᠢᠭᠤᠯᠵᠤ᠂ ᠲᠤᠰᠬᠠᠶ ᠮᠡᠷᠭᠡᠵᠢᠯ ᠢᠶᠠᠨ ᠰᠤᠯᠢᠬᠤ᠂ ᠪᠤᠰᠤᠳ | ᠲᠤᠰᠬᠠᠶ ᠮᠡᠷᠭᠡᠵᠢᠯ ᠢ ᠬᠠᠪᠰᠤᠷᠭᠠᠨ ᠰᠤᠷᠬᠤ ᠵᠡᠷᠭᠡ ᠲᠣᠭᠲᠠᠭᠠᠯ ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ | ︽ᠰᠠᠨᠠᠯ︾ ᠳᠤ᠂ ᠠᠵᠢᠯ ᠣᠯᠭᠤᠯᠲᠠ ᠶᠢᠨ ᠵᠢᠯᠣᠭᠤᠳᠬᠤ ᠰᠢᠰᠲ᠋ᠧᠮ ᠢ ᠴᠢᠩᠭᠠᠳᠬᠠᠵᠤ᠂ ᠠᠵᠢᠯ ᠡᠷᠢᠬᠦ ᠠᠵᠢᠯᠲᠠᠨ | ᠡᠯᠰᠡᠬᠦ ᠰᠢᠰᠲ᠋ᠧᠮ ᠢ ᠪᠦᠷᠢᠨᠰᠢᠬᠦᠯᠤᠨ᠂ ᠬᠠᠪᠰᠤᠷᠤᠨ ᠲᠡᠳᠬᠦᠵᠦ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠨ | ᠬᠡᠮᠵᠢᠵᠦ ᠦᠨᠡᠯᠡᠬᠦ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠠᠮᠢᠳᠤᠷᠠᠬᠤᠢ ᠶᠢᠨ ᠬᠥᠮᠦᠵᠢᠯ ᠬᠢᠭᠡᠳ ᠠᠵᠢᠯ | ᠣᠯᠭᠤᠯᠲᠠ ᠶᠢᠨ ᠵᠢᠯᠣᠭᠤᠳᠣᠯᠭ᠎ᠠ ᠶᠢ ᠴᠢᠩᠭᠠᠷᠠᠭᠤᠯᠵᠤ᠂ ᠨᠢᠭᠡ ᠪᠦᠯᠦᠭ ᠤᠯᠤᠰ ᠤᠨ ᠲᠥᠯᠥᠪᠵᠢᠭᠦᠯᠭᠡ ᠶᠢᠨ ᠵᠢᠭᠠᠬᠤ | ᠮᠠᠲ᠋ᠧᠷᠢᠶᠠᠯ᠂ ᠵᠢᠱᠢᠶ᠎ᠡ ᠦᠵᠡᠭᠦᠯᠬᠦ ᠬᠢᠴᠢᠶᠡᠯ ᠪᠠ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠪᠣᠶ ᠪᠣᠯᠭᠠᠵᠤ᠂ ᠠᠵᠢᠯ | ᠣᠯᠭᠤᠬᠤ ᠬᠥᠮᠦᠵᠢᠯ ᠢ ᠪᠥᠬᠦ ᠠᠵᠢᠯᠲᠠᠨ ᠠᠵᠢᠯᠴᠢᠨ ᠪᠥᠬᠦ ᠶᠠᠪᠤᠴᠠ ᠪᠥᠬᠦ ᠲᠠᠯ᠎ᠠ ᠪᠠᠷ ᠬᠥᠮᠦᠨ ᠬᠥᠮᠦᠵᠢᠭᠦᠯᠬᠦ ᠶᠢᠨ | ᠴᠢᠬᠤᠯᠠ ᠠᠭᠤᠯᠭ᠎ᠠ ᠪᠣᠯᠭᠠᠵᠤ᠂ ᠠᠵᠢᠯ ᠣᠯᠭᠤᠬᠤ ᠵᠥᠪ ᠦᠵᠡᠯᠲᠡ ᠶᠢ ᠪᠠᠲᠤ ᠪᠠᠬᠢ ᠪᠣᠶ ᠪᠣᠯᠭᠠᠬᠤ ᠶᠢ ᠬᠥᠲᠥᠯᠦᠨ | ᠵᠢᠯᠣᠭᠤᠳᠴᠤ᠂ ᠠᠵᠢᠯ ᠣᠯᠭᠤᠬᠤ ᠳᠠᠳᠤᠯᠭ᠎ᠠ ᠬᠢᠭᠡᠳ ᠳᠠᠳᠤᠯᠭ᠎ᠠ ᠶᠢᠨ ᠲᠦᠷᠢᠮ ᠢ ᠪᠦᠷᠢᠨᠰᠢᠭᠦᠯᠦᠨ᠎ᠡ᠃ ᠰᠤᠷᠭᠠᠭᠤᠯᠢ ᠶᠢᠨ | ᠬᠦᠷᠢᠶᠡᠨ ᠤ ᠠᠵᠢᠯᠲᠠᠨ ᠡᠯᠰᠡᠬᠦ ᠪᠠ ᠠᠵᠢᠯ ᠣᠯᠭᠤᠬᠤ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠴᠢᠩᠭᠠᠷᠠᠭᠤᠯᠤᠨ᠂ ᠣᠷᠣᠨ | ᠪᠦᠰᠡ ᠶᠢᠨ ᠴᠢᠨᠠᠷᠲᠠᠶ᠂ ᠠᠵᠢᠯ ᠲᠥᠷᠥᠯ ᠤᠨ ᠴᠢᠨᠠᠷᠲᠠᠶ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠵᠢᠯ ᠣᠯᠭᠤᠬᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ | ᠵᠡᠷᠭᠡ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠠᠯᠪᠢᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠤᠨ᠂ | ᠠᠵᠢᠯᠲᠠᠨ ᠡᠯᠰᠡᠬᠦ ᠲᠣᠬᠢᠷᠠᠭᠤᠯᠤᠯᠲᠠ ᠪᠣᠯᠤᠨ ᠡᠮᠬᠢ ᠳᠢᠭᠯᠢᠮ ᠢ ᠰᠢᠯᠢᠳᠡᠭᠵᠢᠭᠦᠯᠦᠨ ᠵᠢᠷᠤᠮᠵᠢᠭᠤᠯᠤᠨ᠎ᠠ᠃ ᠤᠯᠠᠨ ᠡᠰᠢᠲᠦ | ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ | ᠠᠷᠭ᠎ᠠ ᠵᠠᠮ ᠢ ᠥᠷᠭᠡᠳᠭᠡᠨ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠨ᠎ᠡ᠃ ᠬᠦᠴᠢᠷᠳᠡᠯ ᠢ | ᠬᠠᠪᠰᠤᠷᠤᠨ ᠲᠡᠳᠬᠦᠬᠦ ᠲᠣᠭᠲᠡᠴᠡ ᠶᠢ ᠪᠦᠷᠢᠨᠰᠢᠭᠦᠯᠵᠦ᠂ ᠬᠠᠪᠰᠤᠷᠤᠨ ᠲᠡᠳᠬᠦᠬᠦ ᠡᠲᠡᠭᠡᠳ ᠲᠤ ᠦᠢᠯᠡᠴᠢᠯᠡᠭᠡ ᠪᠠ | ᠲᠤᠰᠠᠯᠠᠮᠵᠢ ᠬᠠᠩᠭᠠᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠲᠡᠭᠦᠰᠦᠭᠰᠡᠳ ᠤᠨ ᠦᠨᠡᠨ | ᠨᠡᠷ᠎ᠡ ᠪᠠᠷ ᠢᠶᠠᠨ ᠠᠵᠢᠯ ᠤᠯᠬᠤ ᠶᠢ ᠬᠠᠪᠰᠤᠷᠤᠨ ᠲᠡᠳᠬᠦᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠠᠤᠭ᠎ᠠ | ᠵᠣᠷᠢᠭ ᠢᠶᠠᠷ ᠠᠶᠠᠯᠠᠯ ᠢ ᠲᠤᠰᠠᠯᠠᠬᠤ︾ ᠠᠵᠢᠯ ᠣᠯᠭᠤᠬᠤ ᠴᠢᠳᠠᠪᠤᠷᠢ ᠶᠢᠨ ᠪᠣᠯᠪᠠᠰᠤᠷᠠᠯ ᠤᠨ ᠲᠥᠷᠥᠯ ᠵᠦᠢᠯ ᠢ | ᠬᠡᠷᠡᠭᠵᠢᠭᠦᠯᠵᠦ᠂ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠭᠡᠨ᠎ᠡ᠃ ᠠᠵᠢᠯ ᠣᠯᠭᠤᠬᠤ | ᠵᠠᠬ᠎ᠠ ᠳᠡᠯᠭᠡᠭᠦᠷ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠠ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ | ᠬᠠᠨᠳᠤᠰᠢ ᠵᠡᠷᠭᠡ ᠶᠢ ᠴᠠᠭ ᠲᠤᠬᠠᠶ ᠳᠤᠨᠢ ᠡᠵᠡᠮᠰᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ | ᠶᠠᠰᠤ ᠴᠢᠨᠠᠷ ᠪᠠ ᠠᠵᠢᠯ ᠤᠨ ᠦᠨᠡᠯᠡᠯᠲᠡ ᠬᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠶᠡᠭᠡ ᠳᠡᠭᠡᠳᠦ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠠ ᠰᠢᠨᠵᠢᠯᠡᠭᠡᠨ ᠤ ᠪᠠᠶᠢᠭᠤᠯᠤᠯᠲᠠ ᠶᠢ ᠦᠨᠡᠯᠡᠨ ᠵᠢᠱᠢᠬᠦ᠂ | ︽ᠬᠤᠣᠰ ᠲᠡᠷᠢᠭᠦᠨ ᠵᠡᠷᠭᠡ︾ ᠢᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠵᠡᠷᠭᠡ ᠴᠢᠬᠤᠯᠠ ᠬᠦᠴᠦᠨ | ᠵᠦᠢᠯ ᠪᠣᠯᠭᠠᠨ᠎ᠠ ᠭᠡᠵᠦ ᠳᠤᠲᠤᠷᠬᠠᠶᠢᠯᠠᠪᠠ᠃ | ︽ᠰᠠᠨᠠᠯ︾ ᠳᠤ᠂ ᠳᠡᠮᠵᠢᠯᠭᠡ ᠪᠠᠲᠤᠯᠠᠭ᠎ᠠ ᠶᠢᠨ ᠰᠢᠰᠲ᠋ᠧᠮ ᠢ ᠪᠠᠬᠢᠵᠢᠭᠦᠯᠬᠦ ᠬᠡᠷᠡᠭᠲᠡᠶ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ᠂ ᠠᠵᠢᠯᠲᠠᠨ᠂ ᠭᠠᠵᠠᠷ | ᠲᠠᠯᠠᠪᠤᠷ᠂ ᠵᠠᠷᠤᠳᠠᠯ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ | ᠂ ᠲᠤᠰᠬᠠᠶᠢᠵᠢᠭᠰᠠᠨ ᠠᠵᠢᠯ ᠣᠯᠭᠤᠬᠤ ᠵᠢᠯᠣᠭᠤᠳᠬᠤ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠰᠤᠳᠤᠯᠭᠠᠨ ᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠠᠴᠢᠯᠠᠭᠰᠠᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠳᠡᠯᠭᠡᠷᠡᠭᠦᠯᠵᠦ᠂ ᠤᠯᠤᠰ ᠤᠨ ᠤᠶᠤᠲᠠᠳ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠡᠷᠬᠡ ᠲᠡᠭᠰᠢ ᠠᠵᠢᠯ | ᠣᠯᠭᠤᠯᠲᠠ ᠶᠢᠨ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ | ᠱᠠᠭᠠᠷᠳᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠬᠢᠯᠭᠠᠨ ᠮᠡᠳᠡᠭᠡ︶ |