ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠣᠳᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠰᠠᠶᠢᠨ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠪᠠᠷ ᠰᠠᠭᠤᠷᠢ ᠪᠣᠯᠭᠠᠵᠤ᠂ ᠬᠡᠪᠴᠢᠶᠡᠵᠢᠭᠦᠯᠦᠨ ᠲᠠᠷᠢᠵᠤ ᠲᠡᠵᠢᠭᠡᠬᠦ ᠰᠠᠭᠤᠷᠢᠨ ᠭᠠᠵᠠᠷ ᠢᠶᠠᠷ ᠲᠦᠰᠢᠭ | ᠪᠣᠯᠭᠠᠵᠤ᠂ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢᠶᠠᠷ ᠳᠠᠶᠢᠴᠢᠯᠠᠨ᠂ ᠣᠳᠣ ᠦᠶ᠎ᠡ ᠶᠢᠨ | ᠦᠢᠯᠡᠳᠪᠦᠷᠢᠯᠡᠯ ᠤᠨ ᠬᠦᠴᠦᠨ ᠵᠦᠢᠯ ᠢ ᠲᠥᠪᠯᠡᠷᠡᠭᠦᠯᠦᠨ᠂ ︽ᠦᠢᠯᠡᠳᠪᠦᠷᠢᠯᠡᠯ ᠤᠨ ᠥᠨᠳᠥᠷ ᠪᠦᠲᠦᠮᠵᠢᠲᠡᠢ | ᠡᠳ᠋ᠰᠢᠭᠦᠯᠦᠨ ᠪᠣᠯᠪᠠᠰᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ | ᠳᠠᠭᠠᠭᠤᠯᠬᠤ︾ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠪᠥᠭᠡᠮᠨᠡᠷᠡᠯ ᠢ ᠬᠦᠴᠦ ᠪᠠᠨ ᠲᠥᠪᠯᠡᠷᠡᠭᠦᠯᠦᠨ | ᠪᠦᠲᠦᠭᠡᠨ ᠪᠠᠶᠢᠭᠤᠯᠵᠤ᠂ ᠦᠷ᠎ᠡ ᠪᠤᠶᠢᠵᠢᠭᠤᠯᠬᠤ᠂ ᠦᠷᠡᠵᠢᠭᠦᠯᠦᠨ ᠪᠤᠶᠢᠵᠢᠭᠤᠯᠬᠤ᠂ ᠲᠡᠵᠢᠭᠡᠯ ᠡᠪᠡᠰᠦ ᠪᠣᠷᠳᠤᠭ᠎ᠠ᠂ | ᠪᠣᠷᠳᠣᠬᠤ᠂ ᠠᠷᠠᠯᠵᠢᠶᠠᠯᠠᠬᠤ᠂ ᠨᠢᠲᠤᠯᠬᠤ᠂ ᠡᠳ᠋ᠰᠢᠭᠦᠯᠬᠦ᠂ ᠬᠦᠢᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠶᠢ ᠨᠢᠭᠡ | ᠴᠣᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢ ᠨᠡᠭᠡᠭᠡᠨ ᠬᠥᠭᠵᠢᠭᠦᠯᠬᠦ ᠪᠠ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ | ᠳᠡᠪᠰᠢᠭᠦᠯᠬᠦ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠪᠡ᠃ | ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠣᠳᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠣᠮᠣ ᠳ᠋ᠠᠶᠢᠲ᠋ᠠ ᠶᠢᠨ ᠲᠥᠪ ᠲᠤ ᠬᠦᠷᠴᠦ᠂ ᠥᠨᠳᠥᠷ ᠲᠣᠮᠣ | ᠡᠯᠧᠺᠳ᠋ᠷᠣᠨ ᠳᠡᠯᠭᠡᠴᠡ ᠳᠡᠭᠡᠷ᠎ᠡ ᠡᠯ᠎ᠡ ᠲᠥᠷᠥᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡᠷᠡᠭᠦᠯᠵᠦ᠂ ᠠᠯᠠᠰᠢᠨ | ᠦᠬᠡᠷ ᠤᠨ ᠲᠤᠭ᠎ᠠ ᠪᠠᠷᠢᠮᠲᠠ᠂ ᠭᠠᠷᠭᠠᠯᠲᠠ ᠶᠢᠨ ᠲᠤᠭ᠎ᠠ᠂ ᠲᠥᠷᠥᠯ ᠵᠦᠢᠯ ᠠᠴᠠ ᠠᠯᠠᠰᠢᠨ ᠦᠬᠡᠷ ᠤᠨ | ᠠᠷᠠᠯᠵᠢᠶᠠᠨ ᠤ ᠲᠤᠭ᠎ᠠ ᠬᠡᠮᠵᠢᠶ᠎ᠡ ᠬᠦᠷᠲᠡᠯ᠎ᠡ ᠪᠦᠬᠦ᠋ᠢᠯᠡ ᠲᠣᠮᠣ ᠳ᠋ᠠᠶᠢᠲ᠋ᠠ ᠶᠢᠨ ᠲᠠᠪᠴᠠᠩ ᠳᠡᠭᠡᠷ᠎ᠡ ᠢᠯᠡᠭᠦᠴᠡ ᠪᠣᠯᠵᠣ᠂ | ᠲᠡᠵᠢᠭᠡᠨ ᠦᠷᠡᠵᠢᠭᠦᠯᠬᠦ ᠡᠷᠦᠬᠡ ᠳᠤ ᠪᠦᠬᠦ ᠲᠠᠯ᠎ᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠪᠠ ᠮᠡᠷᠭᠡᠵᠢᠯ ᠤᠨ | ᠳᠡᠮᠵᠢᠯᠭᠡ ᠬᠠᠩᠭᠠᠭᠰᠠᠨ ᠪᠠᠶᠢᠨ᠎ᠠ᠃ ᠡᠯᠧᠺᠳ᠋ᠷᠣᠨ ᠳᠡᠯᠭᠡᠴᠡ ᠳᠡᠭᠡᠷ᠎ᠡ ᠡᠯ᠎ᠡ ᠵᠦᠢᠯ ᠤᠨ ᠵᠠᠩᠭᠢ ᠶᠢ ᠲᠤᠬᠠᠢ ᠶᠢᠨ | ᠴᠠᠭ ᠲᠤ ᠢᠯᠡᠷᠡᠭᠦᠯᠦᠨ᠎ᠡ᠃ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠣᠳᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠣᠮᠣ ᠳ᠋ᠠᠶᠢᠲ᠋ᠠ ᠶᠢᠨ ᠲᠥᠪ ᠲᠤ ᠲᠤᠭ᠎ᠠ | ᠪᠠᠷᠢᠮᠲᠠ ᠶᠢᠨ ᠡᠬᠢ ᠪᠠᠶᠠᠯᠢᠭ ᠤᠨ ᠰᠢᠰᠲ᠋ᠧᠮ ᠢ ᠪᠠᠶᠢᠭᠤᠯᠵᠤ᠂ ᠨᠠᠷᠢᠯᠢᠭ ᠣᠨᠣᠴᠠᠲᠠᠢ ᠪᠠᠷ ᠲᠡᠵᠢᠭᠡᠨ ᠦᠷᠡᠵᠢᠭᠦᠯᠬᠦ᠂ | ᠦᠵᠡᠭᠳᠡᠬᠦ᠋ᠢᠴᠡ ᠬᠠᠮᠢᠶᠠᠷᠤᠯᠲᠠ᠂ ᠤᠶᠤᠨᠴᠢᠯᠠᠭᠰᠠᠨ ᠰᠢᠢᠳᠪᠦᠷᠢᠲᠦ ᠪᠣᠳᠣᠯᠭ᠎ᠠ ᠶᠢ ᠪᠡᠶᠡᠯᠡᠭᠦᠯᠵᠦ᠂ ᠲᠣᠮᠣ | ᠳ᠋ᠠᠶᠢᠲ᠋ᠠ ᠶᠢᠨ ᠲᠥᠪ ᠨᠢ ᠮᠠᠨ ᠤ ᠲᠡᠵᠢᠭᠡᠨ ᠦᠷᠡᠵᠢᠭᠦᠯᠬᠦ ᠡᠷᠦᠬᠡ᠂ ᠠᠵᠤ ᠠᠬᠤᠶᠢᠯᠠᠯ ᠳᠤ ᠪᠦᠬᠦ ᠲᠠᠯ᠎ᠠ ᠶᠢᠨ ᠮᠡᠳᠡᠭᠡ | ᠵᠠᠩᠭᠢ ᠶᠢᠨ ᠦᠢᠯᠡᠴᠢᠯᠡᠭᠡ ᠪᠠ ᠮᠡᠷᠭᠡᠵᠢᠯ ᠤᠨ ᠳᠡᠮᠵᠢᠯᠭᠡ ᠬᠠᠩᠭᠠᠵᠤ᠂ ᠪᠢᠳᠡᠨ ᠤ ︿ᠴᠢᠨᠠᠷ ᠰᠠᠶᠢᠲᠠᠢ ᠴᠢᠨᠠᠷ ᠰᠠᠶᠢᠲᠠᠢ | ᠦᠨ᠎ᠡ﹀ ᠶᠢᠨ ᠶᠠᠰᠤ ᠴᠢᠨᠠᠷ ᠢ ᠪᠠᠲᠤᠯᠠᠨ ᠦᠨᠡᠨ ᠬᠦ ᠪᠠᠲᠤᠯᠠᠬᠤ ᠰᠢᠰᠲ᠋ᠧᠮ ᠢᠶᠠᠷ ᠳᠠᠮᠵᠢᠭᠤᠯᠤᠨ᠂ ᠲᠡᠵᠢᠭᠡᠨ | ᠦᠷᠡᠵᠢᠭᠦᠯᠬᠦ ᠦᠢᠯᠡᠳᠪᠦᠷᠢᠯᠡᠯ ᠡᠳ᠋ᠰᠢᠭᠦᠯᠬᠦ ᠶᠠᠪᠤᠴᠠ ᠳᠠᠬᠢ ᠠᠰᠢᠭ ᠣᠯᠵᠠᠪᠤᠷᠢ ᠶᠢ ᠳᠡᠭᠡᠭᠰᠢᠯᠡᠭᠦᠯᠵᠦ᠂ ᠮᠠᠨ ᠤ ᠠᠵᠤ | ᠦᠢᠯᠡᠰ ᠤᠨ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠨᠠᠷᠠᠲᠤ ᠲᠡᠮᠳᠡᠭᠵᠢᠭᠦᠯᠬᠦ᠂ ᠲᠣᠭᠠᠴᠢᠯᠠᠭᠰᠠᠨ ᠴᠢᠭᠯᠡᠯ ᠲᠡᠰᠢ | ᠬᠥᠭᠵᠢᠬᠦ ᠶᠢ ᠲᠦᠯᠬᠢᠨ ᠠᠬᠢᠭᠤᠯᠪᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ | ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠠᠯᠠᠰᠢᠨ ᠦᠬᠡᠷ ᠤᠨ ᠪᠦᠬᠦ ᠠᠵᠤ | ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠶᠠᠩ ᠹᠧᠩ ᠪᠦᠸᠧ ᠬᠡᠯᠡᠪᠡ᠃ | ᠥᠪᠥᠷ ᠮᠣᠩᠭᠤᠯ ᠤᠨ ᠬᠤᠩ ᠠᠨ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠪᠠᠷᠢᠮᠵᠢᠶᠠᠵᠢᠭᠰᠠᠨ ᠦᠬᠡᠷ ᠤᠨ | ᠰᠠᠷᠠᠪᠴᠢ ᠬᠠᠷᠠᠭᠳᠠᠨ᠎ᠠ᠃ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ | ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ | ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠡᠯᠡ ᠣᠷᠣᠭᠤᠯᠤᠨ ᠪᠠᠶᠢᠭᠤᠯᠵᠤ᠂ ᠴᠢᠨᠠᠷ ᠰᠠᠶᠢᠲᠠᠢ | ᠠᠯᠠᠰᠢᠨ ᠦᠬᠡᠷ ᠤᠨ ᠡᠭᠦᠯᠳᠡᠷ ᠢ ᠣᠷᠣᠭᠤᠯᠤᠨ ᠠᠪᠴᠢᠷᠠᠬᠤ ᠶᠢᠨ ᠬᠠᠮᠲᠤ ᠤᠷᠢᠳ ᠬᠤᠵᠢᠳ ᠡᠪᠡᠰᠦ ᠪᠣᠷᠳᠣᠭᠠᠨ ᠤ | ᠬᠥᠮᠥᠷᠭᠡ᠂ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠵᠤ᠂ | ᠦᠬᠡᠷ ᠤᠨ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠬᠥᠭᠵᠢᠭᠦᠯᠪᠡ᠃ | ᠣᠶᠢᠯᠠᠭᠠᠭᠰᠠᠨ ᠢᠶᠠᠷ᠂ ᠬᠤᠩ ᠠᠨ ᠪᠠᠷᠢᠮᠵᠢᠶᠠᠵᠢᠭᠤᠯᠤᠭᠰᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠦᠬᠡᠷ ᠨᠢᠭᠡᠪᠦᠷᠢ ᠶᠢᠨ ᠢᠷᠡᠯᠲᠡ ᠶᠢ ᠡᠷᠢᠬᠦ᠂ ᠲᠡᠵᠢᠭᠡᠬᠦ᠂ ᠪᠤᠶᠢᠵᠢᠬᠤ ᠳᠤ | ᠰᠡᠭᠦᠯᠴᠢ ᠶᠢᠨ ᠬᠤᠭᠤᠴᠠᠭᠠᠨ ᠤ ᠠᠯᠠᠵᠤ ᠨᠢᠲᠤᠯᠬᠤ᠂ ᠡᠳ᠋ᠰᠢᠭᠦᠯᠬᠦ ᠵᠡᠷᠭᠡ ᠮᠡᠳᠡᠭᠡ ᠵᠠᠩᠭᠢ ᠶᠢ ᠴᠥᠮ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠲᠣᠮᠣ ᠳ᠋ᠠᠶᠢᠲ᠋ᠠ ᠶᠢᠨ ᠲᠥᠪ ᠢᠶᠠᠷ ᠳᠡᠮᠵᠢᠨ ᠣᠯᠵᠤ ᠪᠣᠯᠤᠨ᠎ᠠ᠃ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠬᠢᠵᠢᠭ ᠡᠪᠡᠳᠴᠢᠨ ᠢ ᠪᠠᠶᠢᠴᠠᠭᠠᠨ ᠰᠢᠯᠭᠠᠬᠤ | ᠦᠢᠯᠡᠴᠢᠯᠡᠭᠡᠨ ᠤ ᠲᠥᠪ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠦᠷᠭᠡᠨ ᠪᠠᠶᠢᠴᠠᠭᠠᠨ | ᠰᠢᠯᠭᠠᠬᠤ ᠲᠤᠷᠰᠢᠯᠲᠠ ᠶᠢᠨ ᠲᠠᠰᠤᠭ ᠲᠤ᠂ ᠠᠵᠢᠯᠲᠠᠳ ᠢᠳᠡᠰᠢᠨ ᠨᠣᠭᠤᠭ᠎ᠠ᠂ ᠮᠢᠬᠠᠨ ᠤ ᠲᠥᠷᠥᠯ ᠵᠡᠷᠭᠡ | ᠪᠦᠲᠦᠭᠡᠭᠳᠡᠬᠦᠨ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ ᠪᠠᠶᠢᠨ᠎ᠠ᠃ |