4 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ | ᠬᠥᠳᠡᠭᠡ ᠶᠢᠨ ᠲᠥᠯᠥᠪᠵᠢᠭᠦᠯᠭᠡ ᠶᠢᠨ ᠵᠥᠪᠯᠡᠯ ᠤᠨ 2025 ᠣᠨ ᠤ ᠬᠤᠶᠠᠳᠤᠭᠠᠷ ᠤᠳᠠᠭᠠᠨ ᠤ ᠬᠤᠷᠠᠯ | ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ | ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠹᠧᠩ ᠵᠢᠶᠠᠨ ᠵᠦᠩ᠂ ᠸᠠᠩ | ᠼᠠᠢ ᠰᠢᠶᠠ ᠨᠠᠷ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠶᠢᠰᠦᠨ ᠨᠡᠭᠡᠭᠡᠨ ᠬᠥᠭᠵᠢᠭᠦᠯᠬᠦ ᠭᠠᠵᠠᠷ ᠤᠨ ᠲᠥᠯᠥᠪᠵᠢᠭᠦᠯᠭᠡ ᠶᠢᠨ ᠲᠥᠰᠦᠯ | ᠪᠠ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ ᠬᠠᠷᠢᠭᠤ ᠮᠡᠳᠡᠭᠦᠯᠪᠡ᠃ ᠬᠤᠷᠠᠯ ᠠᠴᠠ ᠨᠡᠭᠡᠭᠡᠨ ᠬᠥᠭᠵᠢᠭᠦᠯᠬᠦ ᠶᠢ | ᠬᠦᠯᠢᠶᠡᠵᠦ ᠪᠠᠶᠢᠭ᠎ᠠ ᠭᠠᠵᠠᠷ ᠤᠨ ᠨᠡᠭᠡᠭᠡᠨ ᠬᠥᠭᠵᠢᠭᠦᠯᠬᠦ ᠴᠢᠭᠯᠡᠯ᠂ ᠲᠥᠯᠥᠪᠵᠢᠭᠦᠯᠭᠡ ᠶᠢᠨ ᠵᠠᠷᠴᠢᠮ ᠵᠢᠴᠢ | ᠬᠡᠷᠡᠭᠵᠢᠭᠦᠯᠬᠦ ᠠᠷᠭ᠎ᠠ ᠵᠠᠮ ᠢ ᠬᠢᠨᠠᠨ ᠵᠥᠪᠯᠡᠵᠦ ᠶᠠᠷᠢᠯᠴᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠪᠠ᠃ ᠭᠡᠰᠢᠭᠦᠳ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠤᠨ ᠲᠤᠬᠠᠢ | ᠭᠦᠨᠵᠡᠭᠡᠢ ᠶᠠᠷᠢᠯᠴᠠᠵᠤ᠂ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠳᠤᠷᠠᠳᠴᠠᠢ᠃ ᠬᠤᠷᠠᠯ ᠠᠴᠠ᠂ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠯᠭ᠎ᠠ ᠶᠢᠨ ᠲᠥᠰᠦᠯ ᠢ | ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ᠂ ᠠᠰᠠᠷ ᠤᠨ ᠪᠦᠲᠦᠴᠡ | ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠡᠵᠡᠮᠳᠡᠵᠦ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠲᠥᠯᠥᠪᠵᠢᠭᠦᠯᠭᠡ ᠶᠢᠨ ᠭᠤᠣᠯ ᠪᠣᠯᠭᠠᠵᠤ᠂ ᠭᠡᠷᠡᠯ ᠲᠤᠰᠬᠤ᠂ ᠨᠣᠭᠤᠭᠠᠷᠠᠭᠤᠯᠬᠤ ᠵᠡᠷᠭᠡ ᠮᠡᠷᠭᠡᠵᠢᠯ ᠤᠨ ᠭᠦᠢᠴᠡᠳᠬᠡᠯ | ᠲᠤᠭ᠎ᠠ ᠶᠢ ᠴᠢᠩᠭ᠎ᠠ ᠡᠵᠡᠮᠳᠡᠵᠦ᠂ ᠨᠠᠰᠤᠲᠠᠶᠢᠴᠤᠳ ᠲᠤ ᠵᠣᠬᠢᠴᠠᠬᠤ ᠠᠵᠢᠯᠯᠠᠭᠠᠨ ᠤ ᠲᠣᠭᠤᠷᠢᠭ᠂ ᠬᠡᠦᠬᠡᠳ ᠤᠨ | ᠵᠤᠭ᠎ᠠ ᠴᠡᠩᠭᠡᠯ ᠤᠨ ᠲᠠᠯᠠᠪᠠᠢ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠵᠡᠷᠭᠡᠪᠡᠷ ᠲᠥᠯᠥᠪᠵᠢᠭᠦᠯᠬᠦ ᠬᠡᠷᠡᠭᠲᠡᠢ᠃ | ᠡᠭᠦᠨ ᠤ ᠬᠠᠮᠲᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ | ᠂ ᠬᠢᠨᠠᠨ ᠵᠥᠪᠰᠢᠶᠡᠷᠡᠬᠦ ᠠᠴᠠ ᠰᠢᠯᠭᠠᠨ ᠠᠪᠬᠤ ᠬᠦᠷᠲᠡᠯᠡᠬᠢ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠲᠥᠷᠥᠯ ᠵᠦᠢᠯ ᠢ ᠥᠨᠳᠥᠷ ᠪᠦᠲᠦᠮᠵᠢᠲᠡᠢ ᠪᠠᠷ ᠠᠬᠢᠭᠤᠯᠬᠤ ᠶᠢ ᠪᠠᠲᠤᠯᠠᠵᠤ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃ |