ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠬᠦᠬᠡᠨ ᠮᠠᠨ ᠤ ᠤᠷᠤᠨ ︽︿ᠦᠢᠯᠡᠰ ᠪᠤᠰᠬᠠᠵᠤ | ᠤᠮᠠᠷᠠᠲᠤ ᠬᠢᠯᠢ ᠶᠢ ᠮᠠᠨᠳᠤᠭᠤᠯᠬᠤ﹀ ᠦᠢᠯᠡᠰ ᠪᠤᠰᠬᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠬᠦᠯᠤᠰᠤᠨ ᠮᠠᠯᠴᠢᠨ ᠲᠠᠷᠢᠶᠠᠴᠢᠨ᠂ | ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠦᠨ | ᠂ ᠦᠢᠯᠡᠰ ᠪᠤᠰᠬᠠᠬᠤ 7 ᠵᠦᠢᠯ ᠤᠨ ᠦᠢᠯᠡᠴᠢᠯᠡᠭᠡ ᠶᠢ ᠬᠡᠷᠡᠭᠵᠢᠭᠦᠯᠵᠦ᠂ ︽ᠦᠢᠯᠡᠰ ᠪᠤᠰᠬᠠᠬᠤ ᠪᠣᠯᠪᠠᠰᠤᠷᠠᠯ᠂ | ᠦᠢᠯᠡᠰ ᠪᠤᠰᠬᠠᠬᠤ ᠦᠢᠯᠡᠴᠢᠯᠡᠭᠡ᠂ ᠦᠢᠯᠡᠰ ᠪᠤᠰᠬᠠᠬᠤ ᠨᠠᠪᠴᠢᠬᠦᠯᠤᠯᠲᠠ᠂ ᠦᠢᠯᠡᠰ ᠪᠤᠰᠬᠠᠬᠤ ᠠᠵᠢᠯᠯᠠᠭ᠎ᠠ︾ ᠶᠢᠨ | ᠬᠤᠯᠪᠣᠭᠠᠯᠠᠨ ᠬᠥᠳᠡᠯᠦᠯᠴᠡᠬᠦ ᠳᠡᠮᠵᠢᠯᠭᠡ ᠶᠢᠨ ᠰᠢᠰᠲ᠋ᠧᠮ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠦᠢᠯᠡᠰ | ᠪᠤᠰᠬᠠᠬᠤ ᠠᠮᠢᠵᠢᠷᠠᠯ ᠤᠨ ᠬᠦᠴᠤᠨ ᠢ ᠬᠦᠭᠵᠢᠬᠡᠨ᠂ ᠴᠢᠨᠠᠷ ᠰᠠᠶᠢᠲᠠᠢ ᠠᠵᠢᠯ ᠤᠯᠭᠤᠯᠲᠠ ᠳᠤ ᠬᠦᠴᠤᠨ ᠨᠡᠮᠡᠷᠢᠯᠠᠨ᠎ᠠ᠃ | ᠳᠤᠰ ᠠᠵᠢᠯᠯᠠᠭ᠎ᠠ ᠨᠢ 12 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ᠃ | ᠣᠶᠢᠯᠠᠭᠠᠭᠰᠠᠨ ᠢᠶᠠᠷ᠂ 7 ᠵᠦᠢᠯ ᠤᠨ ᠦᠢᠯᠡᠰ ᠪᠤᠰᠬᠠᠬᠤ ᠦᠢᠯᠡᠴᠢᠯᠡᠭᠡ ᠨᠢ ᠲᠣᠰ ᠲᠣᠰ ᠤᠬᠠᠭᠤᠯᠭ᠎ᠠ ᠶᠢᠨ | ᠵᠢᠭᠰᠠᠭᠠᠯ ᠪᠠᠶᠢᠭᠤᠯᠬᠤ᠂ ᠦᠢᠯᠡᠰ ᠪᠤᠰᠬᠠᠬᠤ ᠶᠢ ᠵᠢᠯᠣᠭᠤᠳᠬᠤ ᠲᠤᠰᠬᠠᠶ ᠮᠡᠷᠭᠡᠵᠢᠯᠲᠡᠠ ᠠᠴᠠ ᠲᠣᠭᠤᠷᠢᠨ | ᠵᠢᠯᠤᠭᠤᠳᠬᠤ᠂ ︽ᠢᠷᠡᠯᠲᠡ ᠰᠠᠶᠢᠨ ᠦᠢᠯᠡᠰ ᠪᠤᠰᠬᠠᠬᠤ︾ ᠡᠬᠢ ᠪᠠᠶᠠᠯᠢᠭ ᠢ ᠵᠣᠯᠭᠠᠭᠤᠯᠬᠤ᠂ ︽ᠵᠢᠭᠡᠯᠡᠯᠭᠡ | ᠲᠠᠯᠪᠢᠵᠤ ᠦᠢᠯᠡᠰ ᠪᠤᠰᠬᠠᠬᠤ︾ ᠰᠢᠷᠢᠰ ᠠᠵᠢᠯᠯᠠᠭ᠎ᠠ᠂ ᠦᠢᠯᠡᠰ ᠪᠤᠰᠬᠠᠬᠤ ᠲᠥᠷᠥᠯ ᠵᠦᠢᠯ ᠤᠨ ᠦᠵᠡᠭᠦᠯᠭᠡ᠂ | ᠦᠢᠯᠡᠰ ᠪᠤᠰᠬᠠᠬᠤ ᠯᠤᠺᠲ᠋ᠤᠷ ᠤᠨ ᠰᠣᠯᠢᠯᠴᠠᠭ᠎ᠠ᠂ ᠣᠷᠣᠨ ᠪᠦᠰᠡ ᠶᠢᠨ ᠦᠢᠯᠡᠰ ᠪᠤᠰᠬᠠᠬᠤ ᠬᠤᠯᠪᠣᠭ᠎ᠠ ᠶᠢ | ᠴᠤᠬᠴᠠᠯᠠᠬᠤ ᠪᠤᠯᠤᠨ᠎ᠠ᠃ ᠪᠣᠳᠠᠲᠠᠶ ᠪᠠᠷ ᠬᠡᠯᠡᠪᠡᠯ᠂ ᠣᠬᠤᠷ ᠸᠢᠳᠢᠣ᠋᠂ ᠬᠠᠮ ᠵᠠᠭᠤᠴᠢᠯᠠᠭᠤᠷ ᠵᠡᠷᠭᠡ ᠰᠢᠨ᠎ᠡ ᠶᠢ | ᠡᠭᠦᠳᠬᠦ ᠬᠡᠯᠪᠡᠷᠢ ᠶᠢ ᠠᠰᠢᠭᠯᠠᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠬᠦᠷᠭᠡᠵᠦ᠂ ᠲᠥᠷᠥ ᠶᠢᠨ | ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ︔ 12 | ᠠᠶᠢᠮᠠᠭ ᠬᠤᠲᠠ ᠳᠤ ᠭᠦᠨᠵᠡᠭᠡᠶᠢᠷᠡᠨ ᠦᠢᠯᠡᠰ ᠪᠤᠰᠬᠠᠬᠤ ᠲᠤᠰᠬᠠᠶ ᠮᠡᠷᠭᠡᠵᠢᠯᠲᠡᠨ ᠢ ︽ᠨᠢᠭᠡ ᠶᠢ ᠨᠢᠭᠡ ᠳᠤ | ᠬᠠᠨᠳᠤᠭᠤᠯᠤᠨ︾ ᠭᠦᠨᠵᠡᠭᠡᠶ ᠬᠠᠪᠰᠤᠷᠤᠨ ᠲᠡᠳᠬᠦᠬᠦ ᠡᠵᠢᠯᠯᠠᠭ᠎ᠠ ᠶᠢ ᠥᠷᠨᠢᠭᠦᠯᠵᠦ᠂ ᠴᠢᠭᠯᠡᠯᠲᠠ ᠴᠢᠨᠠᠷᠲᠠᠶ ᠲᠤᠰᠬᠠᠶ | ᠮᠡᠷᠭᠡᠵᠢᠯ ᠤᠨ ᠵᠢᠯᠣᠭᠤᠳᠣᠯᠭ᠎ᠠ ᠬᠠᠩᠭᠠᠨ᠎ᠠ︔ ᠦᠢᠯᠡᠰ ᠪᠤᠰᠬᠠᠭᠴᠢᠳ ᠤᠨ ᠲᠠᠯᠠᠪᠤᠷ ᠭᠠᠵᠠᠷ᠂ ᠪᠠᠯᠠ ᠮᠥᠩᠭᠦ᠂ | ᠵᠠᠬ᠎ᠠ ᠳᠡᠯᠭᠡᠭᠦᠷ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠦᠢᠯᠡᠰ ᠪᠤᠰᠬᠠᠬᠤ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ | ᠠᠬᠢᠭᠤᠯᠤᠨ᠎ᠠ︔ ᠵᠢᠭᠡᠯᠡᠯᠭᠡ ᠶᠢᠨ ᠪᠠᠷᠢᠮᠵᠢᠶ᠎ᠠ ᠶᠢ ᠪᠠᠭᠤᠷᠠᠭᠤᠯᠬᠤ᠂ ᠢᠲᠡᠭᠡᠮᠵᠢ ᠣᠯᠭᠤᠬᠤ ᠬᠡᠮᠵᠢᠶ᠎ᠡ ᠶᠢ | ᠳᠡᠭᠡᠭᠰᠢᠯᠡᠭᠦᠯᠬᠦ᠂ ᠪᠠᠩᠬᠢ ᠬᠢᠭᠡᠳ ᠠᠵᠤ ᠠᠬᠤᠶᠢᠯᠠᠯ ᠢ ᠵᠣᠯᠭᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠦᠢᠯᠡᠰ ᠪᠤᠰᠬᠠᠭᠴᠢᠳ ᠲᠤ ᠪᠡᠯᠡ ᠮᠥᠩᠭᠦ ᠶᠢᠨ | ᠪᠠᠳᠤᠯᠠᠭ᠎ᠠ ᠬᠠᠩᠭᠠᠨ᠎ᠠ︔ ᠲᠥᠷᠥᠯ ᠵᠦᠢᠯ ᠬᠢᠭᠡᠳ ᠪᠡᠯᠡ ᠬᠥᠷᠥᠩᠭᠡ᠂ ᠵᠠᠬ᠎ᠠ ᠳᠡᠯᠭᠡᠭᠦᠷ ᠤᠨ ᠭᠦᠨᠵᠡᠭᠡᠶ | ᠪᠦᠲᠦᠮᠵᠢᠲᠡᠶ ᠵᠣᠯᠭᠠᠭᠤᠯᠤᠯᠳᠠ ᠶᠢ ᠠᠬᠢᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠦᠨ ᠲᠠᠰ ᠳᠡᠪᠰᠢᠬᠦ ᠶᠢ | ᠠᠬᠢᠭᠤᠯᠤᠨ᠎ᠠ︔ ᠵᠡᠭᠦᠨ ᠪᠠᠷᠠᠭᠤᠨ ᠣᠷᠣᠨ ᠳᠤ ᠦᠢᠯᠡᠰ ᠪᠤᠰᠬᠠᠬᠤ ᠯᠧᠺᠲ᠋ᠤᠷ ᠤᠨ ᠰᠣᠯᠢᠯᠴᠠᠭᠠᠨ ᠤ ᠠᠵᠢᠯᠯᠠᠭ᠎ᠠ ᠶᠢ | ᠥᠷᠨᠢᠭᠦᠯᠵᠦ᠂ ᠲᠤᠰᠬᠠᠶᠢᠵᠢᠭᠰᠠᠨ᠂ ᠥᠨᠳᠥᠷ ᠬᠢᠷᠢ ᠬᠡᠮᠵᠢᠶ᠎ᠡ ᠲᠠᠢ ᠮᠢᠩᠭᠠᠨ ᠪᠠᠭᠰᠢ ᠶᠢᠨ ᠡᠩᠨᠡᠭᠡ ᠶᠢ | ᠪᠤᠶᠢᠵᠢᠭᠤᠯᠤᠨ᠎ᠠ︔ ᠡᠯ᠎ᠡ ᠭᠠᠵᠠᠷ ᠤᠨ ᠦᠢᠯᠡᠰ ᠪᠤᠰᠬᠠᠬᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ︽ᠨᠢᠭᠡ ᠭᠠᠵᠠᠷ ᠣᠷᠣᠨ ᠨᠢᠭᠡ ᠣᠨᠴᠠᠯᠢᠭ ᠲᠠᠢ︾ | ᠦᠢᠯᠡᠰ ᠪᠤᠰᠬᠠᠬᠤ ᠲᠥᠷᠥᠯ ᠲᠠᠮᠳᠡᠭ ᠢ ᠪᠣᠶ ᠪᠣᠯᠭᠠᠨ᠎ᠠ᠃ |