ᠮᠠᠨ ᠤ ᠤᠷᠤᠨ 2025 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ︽ᠲᠤᠩᠬᠠᠭ ᠨᠡᠶᠢᠳᠡᠯᠡᠨ ᠮᠠᠩᠯᠠᠶᠢᠯᠠᠭᠴᠢ ᠡᠯᠰᠡᠬᠦ︾ ᠲᠥᠷᠥᠯ ᠵᠦᠢᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2025/4/14
   ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠦᠷᠦᠭᠦᠬᠡᠨ 2025 ᠣᠨ ᠤ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ︽ᠲᠤᠩᠬᠠᠭ ᠨᠡᠶᠢᠳᠡᠯᠡᠨ ᠮᠠᠩᠯᠠᠶᠢᠯᠠᠭᠴᠢ ᠡᠯᠰᠡᠬᠦ︾ ᠲᠦᠷᠦᠯ ᠵᠦᠢᠯ ᠤᠨ ᠮᠡᠷᠭᠡᠵᠢᠯ ᠤᠨ ᠨᠡᠷᠡᠰ ᠢ ᠨᠡᠶᠢᠲᠡᠯᠡᠵᠦ᠂ ᠳᠠᠪᠠᠭᠤᠯᠢᠭ ᠣᠨᠴᠠᠯᠢᠭᠲᠤ ᠬᠦᠷᠢᠶᠡᠨ ᠳᠤ ᠪᠦᠬᠦ ᠤᠯᠤᠰ ᠤᠨ ᠬᠡᠪᠴᠢᠶᠡᠨ ᠳᠤ ︽ᠪᠦᠯᠬᠦᠮ ᠨᠡᠶᠢᠲᠡ ᠡᠷᠢᠵᠦ︾᠂ ᠣᠷᠦ᠋ᠢᠯᠠᠭᠰᠠᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠦᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠭᠤᠣᠯᠳᠠᠯᠭ᠎ᠠ ᠲᠠᠢ ᠬᠦᠷᠢᠶᠡᠨ ᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠭᠠᠷᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠪᠠᠶᠢᠨ᠎ᠠ᠃   ᠲᠣᠰ ᠤᠳᠠᠭ᠎ᠠ ᠨᠡᠶᠢᠲᠡᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ︽ᠲᠤᠩᠬᠠᠭ ᠨᠡᠶᠢᠳᠡᠯᠡᠨ ᠮᠠᠩᠯᠠᠶᠢᠯᠠᠭᠴᠢ ᠡᠯᠰᠡᠬᠦ︾ ᠲᠦᠷᠦᠯ ᠵᠦᠢᠯ ᠤᠨ ᠮᠡᠷᠭᠡᠵᠢᠯ ᠤᠨ ᠨᠡᠷᠡᠰ ᠤᠨ ᠵᠢᠭᠰᠠᠭᠠᠯᠲᠠ ᠳᠤ ︽ᠵᠣᠬᠢᠶᠠᠮᠠᠯ ᠣᠶᠤᠨ ᠴᠢᠳᠠᠪᠤᠷᠢ +︾᠂ ᠤᠶᠢᠷ᠎ᠠ ᠤᠭᠲᠠᠷᠭᠤᠢ ᠶᠢᠨ ᠠᠵᠤ ᠠᠬᠤᠢ᠂ ᠠᠮᠢᠳᠤ ᠪᠣᠳᠠᠰ ᠤᠨ ᠮᠡᠷᠭᠡᠵᠢᠯ᠂ ᠤᠰᠤᠲᠥ᠋ᠷᠥᠭᠴᠢ ᠡᠨᠧᠷᠭᠢ ᠵᠡᠷᠭᠡ 4 ᠲᠠᠯ᠎ᠠ ᠶᠢ ᠪᠠᠭᠲᠠᠭᠠᠵᠤ᠂ ︽ᠥᠪᠥᠷ ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠦᠨ ᠬᠡᠷᠡᠭᠯᠡᠬᠦ︾᠂ ︽ᠮᠢᠬᠠᠨ ᠤ ᠬᠤᠨᠢᠨ ᠤ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠢᠨᠵᠧᠨᠧᠷᠢᠩ ᠤᠨ ᠰᠢᠰᠲ᠋ᠧᠮ ᠤᠨ ᠪᠠᠶᠢᠭᠤᠯᠤᠯᠲᠠ ᠵᠢᠴᠢ ᠥᠨᠳᠥᠷ ᠪᠦᠲᠦᠮᠵᠢᠲᠡᠶ ᠴᠢᠨᠠᠷ ᠰᠠᠶᠢᠲᠠᠢ ᠰᠢᠨ᠎ᠡ ᠦᠷ᠎ᠡ ᠡᠳ᠋ ᠢ ᠡᠭᠦᠳᠦᠨ ᠦᠢᠯᠡᠳᠬᠦ︾ ᠵᠡᠷᠭᠡ 21 ᠲᠥᠷᠥᠯ ᠵᠦᠢᠯ ᠤᠨ ᠨᠡᠷᠡᠰ ᠢ ᠨᠡᠶᠢᠳᠡᠯᠡᠵᠦ᠂ ᠡᠳ᠋ ᠤᠨ ᠵᠠᠰᠠᠭ ᠤᠨ ᠲᠥᠰᠥᠪ ᠤᠨ ᠶᠡᠷᠦᠩᠬᠡᠢ ᠣᠷᠣᠭᠤᠯᠤᠯᠲᠠ 2.04 ᠳ᠋ᠦᠩᠰᠢᠭᠤᠷ ᠲᠥᠭᠦᠷᠢᠭ ᠲᠤ ᠬᠦᠷᠴᠦ᠂ ᠬᠡᠷᠡᠭᠵᠢᠭᠦᠯᠬᠦ ᠬᠤᠭᠤᠴᠠᠭ᠎ᠠ ᠨᠢ 3 ᠵᠢᠯ ᠪᠠᠶᠢᠵᠤ᠂ ᠵᠢᠱᠢᠯᠲᠡ ᠪᠠᠷ ᠠᠵᠤ ᠠᠬᠤᠶᠢᠯᠠᠯ ᠤᠨ 4.08 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠳᠠᠶᠢᠴᠢᠯᠠᠬᠤ ᠪᠤᠯᠤᠨ᠎ᠠ᠃   ᠤᠶᠢᠯᠠᠭᠠᠭᠰᠠᠨ ᠢᠶᠠᠷ᠂ ᠡᠭᠦᠷᠭᠡ ᠬᠦᠯᠢᠶᠡᠭᠰᠡᠨ ᠡᠲᠡᠭᠡᠳ ᠨᠢ ᠱᠠᠭᠠᠷᠳᠠᠯᠭ᠎ᠠ ᠶᠤᠰᠤᠭᠠᠷ ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠢ ᠰᠶᠢᠳᠪᠦᠷᠢᠯᠡᠬᠦ ᠬᠡᠷᠡᠭᠵᠢᠭᠦᠯᠬᠦ ᠲᠥᠰᠥᠯ ᠳᠤᠷᠠᠳᠴᠤ᠂ ᠬᠢᠨᠠᠨ ᠰᠢᠯᠭᠠᠬᠤ ᠪᠦᠬᠦ ᠭᠦᠢᠴᠡᠳᠬᠡᠯ ᠲᠤᠭ᠎ᠠ ᠶᠢ ᠬᠠᠮᠤᠷᠬᠤ ᠬᠡᠷᠡᠭᠲᠡᠢ᠃ ᠲᠥᠷᠥᠯ ᠵᠦᠢᠯ ᠳᠤ ᠲᠡᠷᠢᠭᠦᠨ ᠤ ᠰᠢᠨᠵᠢᠯᠡᠬᠦ ᠤᠬᠠᠭᠠᠨᠲᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠲᠦᠷᠦᠭᠦᠯᠡᠨ ᠬᠢᠬᠦ ᠨᠢᠭᠡᠴᠢ ᠨᠢ ᠣᠷᠣᠨ ᠤ ᠳᠣᠲᠣᠷ᠎ᠠ ᠳᠠᠩᠰᠠᠯᠠᠭᠤᠯᠤᠭᠰᠠᠨ ᠠᠵᠢᠯ ᠲᠥᠷᠥᠯ ᠤᠨ ᠳᠠᠭᠠᠭᠤᠯᠤᠭᠴᠢ ᠪᠤᠶᠤ ᠭᠤᠣᠯᠯᠠᠬᠤ ᠪᠠᠶᠢᠷᠢ ᠰᠠᠭᠤᠷᠢ ᠲᠠᠢ ᠠᠵᠤ ᠠᠬᠤᠶᠢᠯᠠᠯ ᠪᠠᠶᠢᠵᠤ᠂ ᠨᠡᠯᠢᠶᠡᠳ ᠴᠢᠩᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠴᠢᠳᠠᠪᠤᠷᠢ ᠪᠠ ᠨᠥᠬᠦᠴᠡᠯ ᠢ ᠪᠦᠷᠢᠯᠳᠦᠭᠦᠯᠵᠦ᠂ ᠲᠦᠷᠦᠭᠦᠯᠡᠨ ᠬᠢᠬᠦ ᠠᠵᠤ ᠠᠬᠤᠶᠢᠯᠠᠯ ᠨᠢ ᠣᠷᠣᠨ ᠤ ᠳᠣᠲᠣᠷ᠎ᠠ ᠭᠠᠳᠠᠨᠠᠬᠢ ᠬᠠᠮᠢᠶ᠎ᠠ ᠪᠦᠬᠦᠢ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠵᠢᠴᠢ ᠰᠢᠨ᠎ᠡ ᠶᠢ ᠡᠭᠦᠳᠬᠦ ᠲᠠᠪᠴᠠᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠵᠡᠷᠭᠡ ᠪᠠᠶᠢᠭᠤᠯᠤᠮᠵᠢ ᠲᠠᠢ ᠬᠠᠮᠲᠤᠷᠠᠨ ᠭᠤᠶᠤᠴᠢᠯᠠᠬᠤ ᠬᠡᠷᠡᠭᠲᠡᠢ ᠭᠡᠵᠦ ᠲᠤᠳᠤᠷᠬᠠᠢ ᠳᠤᠷᠠᠳᠴᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号