ᠰᠢ ᠶᠢᠨ ᠫᠢᠩ ᠪᠣᠯᠤᠨ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠫᠷᠠᠪᠤᠸᠧ ᠳᠤᠮᠳᠠᠳᠤ ᠢᠨᠳᠣᠨᠧᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/4/14
   4 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠫᠷᠠᠪᠤᠸᠧ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠳᠤᠮᠳᠠᠳᠤ ᠢᠨᠳᠣᠨᠧᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠪᠡ᠃   ᠰᠢ ᠶᠢᠨ ᠫᠢᠩ᠂ ᠳᠤᠮᠳᠠᠳᠤ ᠤᠯᠤᠰ ᠪᠣᠯᠤᠨ ᠢᠨᠳᠣᠨᠧᠰᠢᠶ᠎ᠠ ᠪᠣᠯ ᠲᠠᠯᠠᠢ ᠠᠯᠤᠰᠯᠠᠨ ᠰᠠᠭᠤᠬᠰᠠᠨ ᠰᠠᠶᠢᠨ ᠬᠥᠷᠰᠢ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠰᠠᠶᠢᠨ ᠬᠠᠨᠢᠲᠠᠨ ᠶᠤᠮ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠬᠤᠶᠠᠷ ᠲᠠᠯ᠎ᠠ ᠪᠠᠷ ᠢᠶᠠᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠴᠢᠩ ᠦᠨᠡᠨᠴᠢ ᠪᠠᠷ ᠬᠠᠮᠵᠢᠯᠴᠠᠵᠤ᠂ ᠬᠤᠶᠠᠷ ᠤᠯᠤᠰ ᠤᠨ ᠬᠠᠷᠢᠯᠴᠠᠭ᠎ᠠ ᠲᠦᠷᠭᠡᠨ ᠬᠥᠭᠵᠢᠵᠦ᠂ ᠳᠤᠮᠳᠠᠳᠤ ᠢᠨᠳᠣᠨᠧᠰᠢᠶ᠎ᠠ ᠶᠢᠨ ᠨᠥᠬᠦᠷᠯᠡᠯ ᠬᠥᠮᠦᠰ ᠤᠨ ᠰᠡᠳᠭᠢᠯ ᠳᠤ ᠭᠦᠨ ᠬᠠᠳᠠᠩᠰᠢᠪᠠ᠃ ᠨᠢᠳᠤᠨᠤᠨ ᠪᠢ ᠶᠡᠷᠦᠩᠬᠡᠶᠢᠯᠡᠭᠴᠢ ᠠᠪᠤᠭᠠᠢ ᠲᠠᠢ ᠬᠤᠶᠠᠷ ᠤᠳᠠᠭ᠎ᠠ ᠠᠭᠤᠯᠵᠠᠵᠤ᠂ ᠲᠤᠰ ᠲᠤᠰ ᠤᠨ ᠤᠯᠤᠰ ᠤᠨ ᠢᠶᠠᠨ ᠬᠥᠭᠵᠢᠯᠲᠡ ᠶᠢᠨ ᠠᠯᠤᠰ ᠤᠨ ᠲᠥᠰᠦᠪ ᠢ ᠡᠷᠡᠰ ᠲᠡᠮᠵᠢᠵᠤ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠨ ᠰᠠᠶᠢᠲᠤᠷ ᠵᠠᠮᠨᠠᠵᠤ᠂ ᠭᠠᠵᠠᠷ ᠣᠷᠣᠨ ᠪᠣᠯᠤᠨ ᠪᠦᠬᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠳᠤᠮᠳᠠᠳᠤ ᠢᠨᠳᠣᠨᠧᠰᠢ᠊ ᠡᠶ᠎ᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠲᠠᠬᠢᠨ ᠰᠢᠨ᠎ᠡ ᠳᠡᠭᠲᠡᠷ ᠲᠧ ᠭᠠᠷᠬᠤ ᠶᠢ ᠬᠦᠳᠦᠯᠦᠨ ᠳᠠᠭᠠᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠵᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠢᠨᠳᠣᠨᠧᠰᠢᠶ᠎ᠠ ᠪᠣᠯ ᠪᠦᠷ ᠬᠥᠭᠵᠢᠵᠦ ᠪᠠᠶᠢᠭ᠎ᠠ ᠲᠤᠮᠤ ᠤᠯᠤᠰ ᠪᠠ ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠴᠢᠬᠤᠯᠠ ᠬᠦᠴᠦᠨ ᠮᠥᠨ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠪᠠ ᠪᠦᠬᠦ ᠪᠥᠮᠪᠥᠷᠴᠡᠭ ᠤᠨ ᠨᠥᠯᠥᠭᠡ ᠲᠠᠢ ᠶᠤᠮ᠃ ᠪᠢ ᠳᠤᠮᠳᠠᠳᠤ ᠢᠨᠳᠣᠨᠧᠰᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠵᠤ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠠᠨ ᠲᠠᠯᠡᠳᠤ ᠪᠠᠶᠢᠯᠳᠤᠬᠤ ᠪᠤᠳᠤᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠳᠤᠮᠳᠠᠳᠤ ᠢᠨᠳᠣᠨᠧᠰᠢ᠊ ᠡᠶ᠎ᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠠᠭ ᠦᠶ᠎ᠡ ᠶᠢᠨ ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠬᠥᠭᠵᠢᠵᠦ ᠪᠠᠶᠢᠭ᠎ᠠ ᠲᠤᠮᠤ ᠤᠯᠤᠰ ᠤᠨ ᠴᠢᠩ ᠦᠨᠡᠨᠴᠢ ᠪᠦᠯᠬᠦᠮᠳᠡᠯ ᠤᠨ ᠨᠡᠶᠢᠳᠡᠯᠢᠭ ᠦᠯᠢᠭᠡᠷ ᠵᠢᠱᠢᠶ᠎ᠡ᠂ ᠬᠠᠮᠲᠤ ᠪᠠᠷ ᠬᠥᠭᠵᠢᠬᠦ ᠶᠢᠨ ᠬᠡᠪ ᠳᠠᠭᠤᠷᠢᠶᠠᠯ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠤᠰᠢᠭᠤᠴᠢ ᠪᠤᠯᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ ᠬᠠᠮᠲᠤ ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃   ᠫᠷᠠᠪᠤᠸᠧ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠢᠨᠳᠣᠨᠧᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦ᠋ᠷᠴᠤ ᠢᠷᠡᠬᠦ ᠲᠠᠰᠢᠷᠠᠮ ᠢᠶᠠᠷ ᠪᠢ ᠢᠨᠳᠣᠨᠧᠰᠢᠶ᠎ᠠ ᠶᠢᠨ ᠵᠠᠰᠠᠭ ᠤᠨ ᠣᠷᠳᠣᠨ ᠪᠣᠯᠤᠨ ᠢᠨᠳᠣᠨᠧᠰᠢᠶ᠎ᠠ ᠶᠢᠨ ᠠᠷᠠᠳ ᠲᠦᠮᠡᠨ ᠤ ᠡᠮᠦᠨ᠎ᠡ ᠠᠴᠠ ᠲᠡᠷᠢᠭᠦᠯᠡᠭᠴᠢ ᠰᠢ ᠶᠢᠨ ᠫᠢᠩ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠳᠤ ᠴᠢᠩ ᠰᠡᠳᠭᠢᠯ ᠤᠨ ᠪᠠᠶᠠᠷ ᠬᠦᠷᠭᠡᠵᠦ ᠪᠠᠶᠢᠨ᠎ᠠ᠃ ᠢᠨᠳᠣᠨᠧᠰᠢᠶ᠎ᠠ ᠪᠣᠯᠤᠨ ᠳᠤᠮᠳᠠᠳᠤ ᠤᠯᠤᠰ ᠤᠨ ᠨᠥᠬᠦᠷᠯᠡᠯ ᠥᠨᠢ ᠤᠳᠠᠭᠠᠨ ᠲᠡᠦᠬᠡ ᠲᠠᠢ᠂ ᠬᠤᠶᠠᠷ ᠤᠯᠤᠰ ᠤᠨ ᠬᠠᠨᠢᠲᠠᠨ ᠤ ᠬᠠᠷᠢᠯᠴᠠᠭ᠎ᠠ ᠠᠮᠢᠵᠢᠷᠠᠯ ᠤᠨ ᠬᠦᠴᠦᠨ ᠢᠶᠠᠷ ᠴᠢᠩᠭ᠎ᠠ ᠪᠠᠶᠢᠨ᠎ᠠ᠃ ᠬᠤᠶᠠᠷ ᠲᠠᠯ᠎ᠠ ᠶᠢᠨ ᠤᠯᠤᠰ ᠲᠦᠷᠦ᠂ ᠠᠵᠤ ᠠᠬᠤᠢ᠂ ᠰᠣᠶᠣᠯ ᠢᠷᠭᠡᠨᠰᠢᠯ᠂ ᠲᠠᠯᠠᠢ ᠳᠡᠭᠡᠷᠡᠬᠢ᠂ ᠠᠮᠤᠷ ᠲᠦᠪᠰᠢᠨ ᠵᠡᠷᠭᠡ ︽ᠲᠠᠪᠤᠨ ᠶᠡᠭᠡ ᠲᠤᠯᠭᠠᠭᠤᠷᠢ︾ ᠬᠦᠷᠢᠶ᠎ᠠ ᠴᠠᠷᠠᠭ᠎ᠠ ᠳᠠᠬᠢ ᠬᠠᠮᠲᠤᠷᠠᠯᠴᠠᠭ᠎ᠠ ᠦᠷᠭᠦᠯᠵᠢᠯᠡᠨ ᠲᠦᠷᠭᠡᠨ ᠠᠬᠢᠪᠠ᠃ ᠪᠢ ᠬᠤᠶᠠᠷ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠬᠤᠯᠪᠣᠭᠠᠰᠤ ᠶᠢ ᠴᠢᠩᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠴᠢᠩ ᠰᠡᠳᠭᠢᠯ ᠠᠴᠠ ᠪᠠᠨ ᠬᠦᠰᠡᠵᠦ ᠪᠠᠶᠢᠨ᠎ᠠ ᠭᠡᠵᠦ ᠢᠯᠡᠳᠬᠡᠪᠡ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 13 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号