ᠨᠥᠬᠦᠷ ᠪᠥᠭᠡᠳ ᠠᠬ᠎ᠠ ᠳᠡᠭᠦᠦ ᠭᠠᠷ ᠬᠤᠯᠪᠣᠨ ᠰᠢᠨ᠎ᠡ ᠠᠶᠠᠨ ᠢᠶᠠᠨ ᠡᠬᠢᠯᠡᠭᠦᠯᠦᠨ᠎ᠡ
ᠨᠡᠶᠢᠲᠡᠯᠡᠭᠰᠡᠨ ᠴᠠᠭ᠄
2025/4/14
   — ᠸᠢᠶᠧᠲᠨᠠᠮ ᠤᠨ ᠡᠯ᠎ᠡ ᠡᠲᠡᠭᠡᠳ ᠤᠨ ᠬᠢᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢ ᠬᠠᠯᠠᠭᠤᠨ ᠢᠶᠠᠷ ᠬᠦᠰᠡᠨ ᠬᠦᠯᠢᠶᠡᠵᠦ ᠪᠠᠶᠢᠨ᠎ᠠ   ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ ᠰᠤ᠋ ᠯᠢᠨ᠂ ᠪᠦᠭᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠲᠨᠠᠮ ᠤᠯᠤᠰ ᠤᠨ ᠲᠡᠷᠢᠭᠦᠯᠡᠭᠴᠢ ᠯᠢᠶᠠᠩ ᠴᠢᠶᠠᠩ ᠤᠨ ᠤᠷᠢᠯᠭ᠎ᠠ ᠪᠠᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 4 ᠰᠠᠷ᠎ᠠ ᠶᠢᠨ 14 ᠠᠴᠠ 15 ᠤ ᠡᠳᠦᠷ ᠪᠣᠯᠲᠠᠯ᠎ᠠ ᠸᠢᠶᠧᠲᠨᠠᠮ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠨ᠎ᠠ᠃   ᠸᠢᠶᠧᠲᠨᠠᠮ ᠤᠨ ᠡᠯ᠎ᠡ ᠡᠲᠡᠭᠡᠳ ᠤᠨ ᠬᠢᠨ᠂ ᠶᠡᠷᠦᠩᠬᠡᠢ ᠱᠦᠵᠢ ᠰᠢ ᠶᠢᠨ ᠫᠢᠩ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦ᠋ᠷᠴᠤ ᠢᠷᠡᠬᠦ ᠲᠠᠰᠢᠷᠠᠮ ᠢᠶᠠᠷ ᠸᠢᠶᠤᠲᠨᠠᠮ ᠳᠤ ᠠᠶᠢᠯᠴᠢᠯᠠᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠶᠡᠷᠦᠩᠬᠡᠢ ᠱᠦᠵᠢ ᠰᠢ ᠶᠢᠨ ᠫᠢᠩ ᠪᠤᠯᠤᠨ ᠸᠢᠶᠧᠲᠨᠠᠮ ᠤᠨ ᠲᠠᠯ᠎ᠠ ᠶᠢᠨ ᠤᠳᠤᠷᠢᠳᠬᠤ ᠬᠥᠮᠦᠰ ᠬᠠᠮᠲᠤ ᠪᠠᠷ ᠬᠤᠶᠠᠷ ᠨᠠᠮ ᠬᠤᠶᠠᠷ ᠤᠯᠤᠰ ᠢ ᠬᠦᠳᠦᠯᠥᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠦᠷᠭᠦᠯᠵᠢᠯᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠥ᠂ ᠭᠠᠷ ᠬᠤᠯᠪᠣᠨ ᠤᠷᠤᠭᠰᠢᠯᠠᠵᠤ᠂ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠪᠦ᠋ᠬᠦᠶ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠭᠡᠯ ᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃   ︽ᠳᠤᠮᠳᠠᠳᠤ ᠤᠯᠤᠰ ᠪᠣᠯ ᠨᠥᠬᠦᠷᠰᠡᠭ ᠬᠥᠷᠰᠢ ᠤᠯᠤᠰ ᠭᠡᠳᠡᠭ ᠢ ᠡᠭᠦᠷᠢᠳᠡ ᠴᠡᠭᠡᠵᠢᠯᠡᠭᠰᠡᠭᠡᠷ︾   ︽ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠪᠣᠯ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠬᠠᠮᠤᠭ ᠤᠨ ᠠᠮᠢᠳᠤᠯᠢᠭ ᠵᠢᠷᠤᠭᠯᠠᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ 2023 ᠣᠨ ᠳᠤ ᠸᠢᠶᠧᠲᠨᠠᠮ ᠳᠤ ᠠᠮᠵᠢᠯᠲᠠᠲᠠᠶ ᠠᠶᠢᠯᠴᠢᠯᠠᠵᠤ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦ᠋ᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠨ᠎ᠠ ᠬᠡᠵᠤ ᠨᠡᠶᠢᠲᠡᠯᠡᠵᠦ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠰᠢᠨ᠎ᠡ ᠱᠠᠲᠤᠨ ᠳᠤ ᠣᠷᠣᠪᠠ᠃   ᠸᠢᠶᠧᠲᠨᠠᠮ ᠤᠨ ᠸᠢᠶᠧᠲᠨᠠᠮ ᠳᠤᠮᠳᠠᠳᠤ ᠶᠢᠨ ᠨᠥᠬᠦᠷᠰᠡᠭ ᠨᠡᠶᠢᠭᠡᠮᠯᠢᠭ ᠤᠨ ᠳᠡᠳ᠋ ᠲᠡᠷᠢᠭᠦᠯᠡᠭᠴᠢ ᠷᠤᠸᠠᠨ ᠷᠦᠩ ᠭᠤᠸᠠᠩ ᠂ ᠬᠤᠶᠠᠷ ᠨᠠᠮ ᠬᠤᠶᠠᠷ ᠤᠯᠤᠰ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠢᠯᠴᠢᠯᠠᠯᠲᠠ ᠬᠢᠬᠦ ᠪᠠᠷ ᠠᠵᠠ ᠲᠣᠬᠢᠶᠠᠯ ᠪᠣᠯᠭᠠᠵᠤ᠂ ᠢᠷᠡᠭᠡᠳᠦᠢ ᠶᠢᠨ ᠬᠠᠮᠲᠤᠷᠠᠯᠴᠠᠭᠠᠨ ᠤ ᠰᠢᠨ᠎ᠡ ᠵᠠᠮ ᠢ ᠰᠦᠪᠡᠭᠴᠢᠯᠡᠵᠦ᠂ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠪᠦ᠋ᠬᠦᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠪᠢ ᠬᠦᠰᠡᠵᠦ ᠪᠠᠶᠢᠨ᠎ᠠ ᠭᠡᠵᠡᠢ᠃   ᠸᠢᠶᠧᠲᠨᠠᠮ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ ᠡᠮᠦᠨᠡᠲᠦ ᠠᠽᠢᠶ᠎ᠠ ᠶᠢᠨ ᠰᠤᠳᠤᠯᠭᠠᠨ ᠤ ᠰᠡᠳᠬᠦᠯ ᠤᠨ ᠤᠤᠯ ᠤᠨ ᠡᠷᠭᠢᠯᠡᠨ ᠨᠠᠶᠢᠷᠠᠭᠤᠯᠤᠭᠴᠢ ᠴᠧᠨ ᠴᠢᠩ᠂ ᠣᠳᠣᠬᠠᠨ ᠤ ᠪᠥᠬᠦ ᠪᠥᠮᠪᠥᠷᠴᠡᠭ ᠤᠨ ᠤᠯᠤᠰ ᠲᠥᠷᠥ᠂ ᠠᠵᠤ ᠠᠬᠤᠶ ᠶᠢᠨ ᠲᠣᠭᠲᠠᠭᠠᠯᠲᠤ ᠪᠤᠰᠤ ᠴᠢᠨᠠᠷ ᠬᠡᠴᠡᠬᠦᠳᠡᠵᠤ ᠪᠠᠶᠢᠭ᠎ᠠ ᠠᠬᠤᠶ ᠪᠠᠶᠢᠳᠠᠯ ᠳᠤᠤᠷ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠶᠢᠯᠴᠢᠯᠠᠯᠲᠠ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠦᠵᠡᠪᠡ᠃   ᠨᠠᠶ᠋ᠨᠨ ᠨᠠᠰᠤ ᠬᠦᠷᠬᠦ ᠰᠢᠬᠠᠭᠰᠠᠨ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠤᠤᠯ ᠤᠨ ᠭᠡᠰᠢᠭᠦᠨ ᠷᠤᠸᠠᠨ ᠱᠠᠨ ᠷᠧᠨ᠄ ︽ᠶᠡᠷᠦᠩᠬᠡᠢ ᠱᠦᠵᠢ ᠰᠢ ᠶᠢᠨ ᠫᠢᠩ ᠤᠨ ᠠᠶᠢᠯᠴᠢᠯᠠᠬᠤ ᠪᠠᠷ ᠢᠷᠡᠬᠦ ᠶᠢ ᠴᠢᠩ ᠰᠡᠳᠭᠢᠯ ᠠᠴᠠ ᠪᠠᠨ ᠬᠦᠰᠡᠨ ᠬᠦᠯᠢᠶᠡᠵᠦ ᠪᠠᠶᠢᠨ᠎ᠠ᠃ ᠬᠡᠵᠢᠶ᠎ᠡ ᠬᠠᠮᠢᠭ᠎ᠠ ᠴᠤ ᠭᠡᠰᠡᠨ᠂ ᠳᠤᠮᠳᠠᠳᠤ ᠤᠯᠤᠰ ᠪᠣᠯ ᠨᠥᠬᠦᠷᠰᠡᠭ ᠬᠥᠷᠰᠢ ᠤᠯᠤᠰ ᠭᠡᠳᠡᠭ ᠢ ᠪᠢ ᠡᠭᠦᠷᠢᠳᠡ ᠴᠡᠭᠡᠵᠢᠯᠡᠭᠰᠡᠭᠡᠷ ᠪᠠᠶᠢᠨ᠎ᠠ︾ ᠭᠡᠵᠦ ᠲᠤᠭᠳᠤᠯᠤᠩᠬᠠᠨ ᠬᠡᠯᠡᠨ᠎ᠡ᠃   ︽ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠠᠴᠠ ᠬᠦᠷᠳᠡᠭᠰᠡᠨ ᠠᠰᠢᠭ ᠦᠵᠡᠳᠡᠯ᠎ᠡ ᠢᠯᠡᠷᠬᠡᠢ︾   ᠤᠢᠢᠷ᠎ᠠ ᠶᠢᠨ ᠵᠢᠯ ᠠᠴᠠ᠂ ᠳᠤᠮᠳᠠᠳᠤ ᠸᠢᠶᠧᠲᠨᠠᠮ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ 20 ᠭᠠᠷᠤᠢ ᠵᠢᠯ ᠳᠠᠷᠠᠭᠠᠯᠠᠨ ᠸᠢᠶᠧᠲᠨᠠᠮ ᠤᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠤ ᠪᠠᠶᠢᠷᠢ ᠰᠠᠭᠤᠷᠢ ᠪᠠᠨ ᠪᠠᠲᠤᠯᠠᠵᠤ᠂ ᠸᠢᠶᠧᠲᠨᠠᠮ ᠪᠣᠯ ᠳᠤᠮᠳᠠᠳᠤ ᠤᠯᠤᠰ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠠᠬᠢ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠣᠯᠤᠨ᠎ᠠ᠃ 2024 ᠣᠨ ᠳᠤ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2600 ᠳ᠋ᠦᠩᠰᠢᠭᠤᠷ ᠳ᠋ᠣᠯᠯᠠᠷ ᠢ ᠳᠠᠪᠠᠪᠠ᠃   ︽ᠸᠢᠶᠧᠲᠨᠠᠮ ᠳᠤᠮᠳᠠᠳᠤ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠠᠴᠠ ᠬᠦᠷᠳᠡᠭᠰᠡᠨ ᠠᠰᠢᠭ ᠦᠵᠡᠳᠡᠯ᠎ᠡ ᠢᠯᠡᠷᠬᠡᠢ ᠪᠠᠶᠢᠨ᠎ᠠ︾᠃ ᠸᠢᠶᠤᠳ᠋ᠨᠠᠮ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠤᠮᠳᠠᠳᠤ ᠤᠯᠤᠰ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠷᠤᠸᠠᠨ ᠰᠢ ᠹᠠᠩ ᠬᠤᠸᠠ᠂ ᠸᠢᠶᠤᠳ᠋ᠨᠠᠮ ᠤᠨ ᠠᠷᠠᠳ ᠤᠯᠠᠨ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠠᠴᠠ ᠠᠰᠢᠭ ᠭᠥᠷᠳᠡᠭᠰᠡᠨ ᠢ ᠭᠦᠨᠵᠡᠭᠡᠢ ᠮᠡᠳᠡᠷᠡᠵᠦ᠂ ᠶᠡᠷᠦᠩᠬᠡᠢ ᠱᠦᠵᠢ ᠰᠢ ᠶᠢᠨ ᠫᠢᠩ ᠤᠨ ᠠᠶᠢᠯᠴᠢᠯᠠᠯᠲᠠ ᠨᠢ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢᠨ ᠠᠯᠤᠰ ᠬᠡᠳᠤ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢ ᠬᠦᠰᠡᠨ ᠪᠠᠷᠠᠯᠠᠵᠤ ᠪᠠᠶᠢᠨ᠎ᠠ ᠭᠡᠪᠡ᠃   ᠳᠤᠮᠳᠠᠳᠤ ᠤᠯᠤᠰ ᠤᠨ ᠲᠡᠮᠦᠷ ᠵᠠᠮ ᠤᠨ ᠵᠢᠷᠭᠤᠳᠤᠭᠠᠷ ᠲᠣᠪᠴᠢᠶ᠎ᠠ ᠶᠢᠨ ᠪᠦᠯᠦᠭᠯᠡᠯ ᠤᠨ ᠸᠢᠶᠧᠲᠨᠠᠮ ᠳᠠᠬᠢ ᠬᠢᠵᠠᠭᠠᠷᠲᠤ ᠺᠣᠮᠫᠠᠨᠢ ᠶᠢᠨ ᠸᠢᠶᠧᠲᠨᠠᠮ ᠤᠨ ᠬᠠᠷᠢᠶ᠎ᠠ ᠲᠠᠢ ᠬᠤᠳᠠᠯᠳᠤᠭᠠᠨ ᠤ ᠶᠠᠪᠤᠳᠠᠯ ᠤᠨ ᠳᠠᠭᠠᠭᠠᠮᠠᠯ ᠳ᠋ᠧᠩ ᠸᠤᠨ ᠵᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠪᠠᠷ ᠲᠡᠮᠵᠢᠨ ᠸᠢᠶᠤᠳ᠋ᠨᠠᠮ ᠳᠤᠮᠳᠠᠳᠤ ᠬᠤᠶᠠᠷ ᠤᠯᠤᠰ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠠᠯ᠎ᠠ ᠪᠠᠷ ᠬᠢ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠠᠬᠢᠭᠤᠯᠵᠤ᠂ ᠬᠤᠳᠠ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠸᠢᠶᠧᠲᠨᠠᠮ ᠤᠨ ᠠᠷᠠᠳ ᠤᠯᠠᠨ ᠳᠤ ᠨᠡᠩ ᠤᠯᠠᠨ ᠪᠤᠶᠠᠨ ᠦᠢᠯᠡᠳᠬᠦ ᠶᠢ ᠬᠦᠰᠡᠨ ᠬᠦᠯᠢᠶᠡᠵᠦ ᠪᠠᠶᠢᠨ᠎ᠠ ᠭᠡᠪᠡ᠃   ᠸᠢᠶᠧᠲᠨᠠᠮ ᠤᠨ ︽ᠬᠤᠰᠢᠭᠤᠴᠢ ᠰᠣᠨᠢᠨ︾ ᠤ ᠡᠷᠬᠢᠯᠡᠨ ᠨᠠᠶᠢᠷᠠᠭᠤᠯᠤᠭᠴᠢ ᠫᠧᠢ ᠮᠢᠩ ᠯᠦᠩ᠄ ︽ᠬᠤᠶᠠᠷ ᠤᠯᠤᠰ ᠢᠶᠠᠷ ᠢᠶᠠᠨ ᠠᠷᠠᠯᠵᠢᠶᠠᠨ ᠤ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠪᠣᠬᠢᠷᠲᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠬᠤ ᠶᠢ ᠬᠦᠰᠡᠵᠦ ᠪᠠᠶᠢᠨ᠎ᠠ᠂ ᠨᠡᠩ ᠨᠢᠭᠲᠠ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠨᠢ ᠵᠡᠭᠦᠨ ᠡᠮᠦᠨᠡᠲᠦ ᠠᠽᠢᠶ᠎ᠠ ᠶᠢᠨ ᠣᠷᠣᠨ ᠤ ᠲᠣᠭᠲᠠᠭᠤᠨ ᠬᠦᠴᠦᠨ ᠪᠣᠯᠤᠨ᠎ᠠ ᠭᠡᠳᠡᠭ ᠢ ᠪᠢ ᠢᠲᠡᠭᠡᠵᠦ ᠪᠠᠶᠢᠨ᠎ᠠ︾ ᠭᠡᠪᠡ᠃   ︽ᠬᠤᠶᠠᠷ ᠤᠯᠤᠰ ᠤᠨ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ ᠶᠢᠨ ᠲᠦᠯᠦᠬᠡ ᠰᠢᠨ᠎ᠡ ᠠᠮᠢᠵᠢᠷᠠᠯ ᠤᠨ ᠬᠦᠴᠦᠨ ᠤᠯᠭᠤᠨ᠎ᠠ︾    ᠸᠢᠶᠧᠲᠨᠠᠮ ᠤᠨ ᠠᠯᠳᠠᠷᠲᠤ ᠳᠠᠭᠤᠴᠢᠨ ᠲᠤ ᠰᠢ ᠴᠢᠩ ᠬᠤᠸᠠ ᠳᠤᠮᠳᠠᠳᠤ ᠤᠯᠤᠰ ᠤᠨ ᠲᠧᠯᠸᠢᠰ ᠤᠨ ᠶᠡᠷᠦᠩᠬᠡᠶᠢᠯᠡᠭᠰᠡᠨ ᠤᠷᠠᠯᠢᠭ ᠤᠨ ᠫᠷᠣᠭ᠍ᠷᠠᠮ ︽ᠣᠳᠣᠨ ᠭᠢᠯᠪᠠᠭᠠᠲᠦ ᠵᠠᠮ︾ ᠳᠤ ᠰᠠᠷ᠎ᠠ ᠶᠢᠨ ᠮᠠᠩᠯᠠᠢ ᠪᠠᠷ ᠰᠢᠯᠭᠠᠷᠠᠵᠦ ᠦᠩᠬᠡᠷᠡᠵᠡᠢ᠃ 2017 ᠣᠨ ᠳᠤ᠂ ᠶᠡᠷᠦᠩᠬᠡᠢ ᠱᠦᠵᠢ ᠰᠢ ᠶᠢᠨ ᠫᠢᠩ ᠸᠢᠶᠤᠳ᠋ᠨᠠᠮ ᠤᠨ ᠵᠠᠭᠤᠴᠢᠯᠠᠭᠤᠷ ᠲᠤ ᠨᠡᠶᠢᠲᠡᠯᠡᠭᠰᠡᠨ ᠨᠡᠷ᠎ᠡ ᠬᠠᠳᠠᠭᠰᠠᠨ ᠵᠣᠬᠢᠶᠠᠯ ᠳᠠᠭᠠᠨ ᠲᠡᠭᠦᠨ ᠢ ᠳᠤᠷᠠᠳᠤᠭᠰᠠᠨ ᠪᠠᠶᠢᠨ᠎ᠠ᠃ ᠡᠳᠦᠭᠡ᠂ ᠲᠤ ᠰᠢ ᠴᠢᠩ ᠬᠤᠸᠠ ᠳᠤᠮᠳᠠᠳᠤ ᠤᠯᠤᠰ ᠤᠨ ᠤᠷᠠᠯᠢᠭᠴᠢᠳ ᠲᠠᠢ ᠢᠳᠡᠪᠬᠢᠲᠡᠢ ᠬᠠᠮᠲᠤᠷᠠᠯᠴᠠᠭ᠎ᠠ ᠥᠷᠨᠢᠭᠦᠯᠵᠦ᠂ ᠳᠤᠮᠳᠠᠳᠤ ᠸᠢᠶᠤᠳ᠋ᠨᠠᠮ ᠤᠨ ᠠᠷᠠᠳ ᠤᠨ ᠰᠡᠳᠬᠢᠯ ᠤᠨ ᠬᠠᠷᠢᠯᠴᠠᠨ ᠲᠤᠳᠤᠨᠤ ᠪᠠᠶᠢᠬᠤ ᠶᠢ ᠠᠬᠢᠭᠤᠯᠤᠭᠴᠢ ᠶᠢᠨ ᠨᠢᠭᠡ ᠪᠣᠯᠤᠭᠰᠠᠨ ᠪᠠᠶᠢᠨ᠎ᠠ᠃   ᠳᠤᠮᠳᠠᠳᠤ ᠸᠢᠶᠧᠲᠨᠠᠮ ᠤᠨ ᠬᠥᠯ ᠪᠥᠮᠪᠦᠭᠡ ᠶᠢᠨ ᠨᠥᠬᠦᠷᠰᠡᠭ ᠤᠷᠤᠯᠳᠤᠭᠠᠨ ᠢ ᠨᠢᠭᠡᠨᠲᠡ 30 ᠬᠤᠭᠤᠴᠠᠭ᠎ᠠ ᠶᠠᠪᠤᠭᠳᠠᠭᠤᠯᠵᠤ᠂ ᠬᠤᠶᠠᠷ ᠤᠯᠤᠰ ᠤᠨ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠬᠤ᠂ ᠨᠥᠬᠦᠷᠰᠡᠭ ᠶᠠᠪᠤᠯᠴᠠᠭ᠎ᠠ ᠪᠠᠨ ᠠᠬᠢᠭᠤᠯᠬᠤ ᠴᠢᠬᠤᠯᠠ ᠠᠴᠢᠶᠠᠯᠠᠪᠤᠷᠢ ᠪᠣᠯᠵᠠᠢ︔ ᠡᠨᠡ ᠵᠢᠯ ᠪᠣᠯ ᠳᠤᠮᠳᠠᠳᠤ ᠸᠢᠶᠧᠲᠨᠠᠮ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠤᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠠᠶᠢᠵᠤ᠂ ᠵᠡᠭᠡᠯᠢ ᠶᠢᠨ ᠪᠥᠵᠢᠭ᠂ ᠰᠢᠲᠠᠷ᠎ᠠ ᠶᠢᠨ ᠤᠷᠤᠯᠳᠤᠭᠠᠨ ᠵᠡᠷᠭᠡ ᠤᠯᠠᠨ ᠶᠠᠩᠵᠤ ᠶᠢᠨ ᠳᠤᠮᠳᠠᠳᠤ ᠸᠢᠶᠤᠳ᠋ᠨᠠᠮ ᠤᠨ ᠠᠷᠠᠳ ᠤᠨ ᠬᠤᠭᠤᠷᠣᠨᠳᠣᠬᠢ ᠨᠥᠬᠦᠷᠰᠡᠭ ᠰᠣᠯᠢᠯᠴᠠᠭᠠᠨ ᠤ ᠠᠵᠢᠯᠯᠠᠭ᠎ᠠ ᠨᠢ ᠬᠤᠶᠠᠷ ᠲᠠᠯ᠎ᠠ ᠶᠢᠨ ᠠᠷᠠᠳ ᠤᠯᠠᠨ ᠢ ᠤᠯᠠᠮ ᠣᠶᠢᠷᠠᠲᠤᠭᠤᠯᠤᠭᠰᠠᠨ ᠪᠠᠶᠢᠨ᠎ᠠ᠃   ᠸᠢᠶᠧᠲᠨᠠᠮ ᠤᠨ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2025 ᠣᠨ ᠤ ᠲᠦᠷᠦᠬᠦᠦ ᠤᠯᠠᠷᠢᠯ ᠳᠤ ᠸᠢᠶᠧᠳ᠋ᠨᠠᠮ ᠤᠯᠠᠨ ᠤᠯᠤᠰ ᠤᠨ ᠵᠢᠭᠤᠯᠴᠢᠯᠠᠭᠰᠠᠳ ᠢ 600 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠳᠤᠮᠳᠠᠳᠤ ᠤᠯᠤᠰ ᠨᠢ ᠵᠢᠭᠤᠯᠴᠢᠯᠠᠬᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠨᠢᠭᠡᠳᠦᠭᠡᠷ ᠲᠤ ᠤᠷᠤᠪᠠ᠃ ᠬᠠᠨᠤᠢ ᠳᠤ ᠵᠢᠭᠤᠯᠴᠢᠯᠠᠯ ᠤᠨ ᠺᠣᠮᠫᠠᠨᠢ ᠡᠵᠡᠩᠨᠡᠵᠦ ᠪᠠᠶᠢᠭ᠎ᠠ ᠯᠢᠨ ᠰᠢ ᠱᠦᠨ᠂ ᠶᠡᠷᠦᠩᠬᠡᠢ ᠱᠦᠵᠢ ᠰᠢ ᠶᠢᠨ ᠫᠢᠩ ᠤᠨ ᠠᠶᠢᠯᠴᠢᠯᠠᠯᠲᠠ ᠨᠢ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠲᠠᠰᠤᠷᠠᠯᠳᠡ ᠦᠭᠡᠢ ᠵᠤᠵᠠᠭᠠᠳᠬᠠᠬᠤ ᠶᠢ ᠬᠦᠰᠡᠨ ᠬᠦᠯᠢᠶᠡᠵᠦ ᠪᠠᠶᠢᠨ᠎ᠠ ᠭᠡᠪᠡ᠃   ︽ᠨᠢᠭᠡ ᠮᠥᠷᠡᠨ ᠤ ᠤᠰᠤ ᠶᠢ ᠤᠤᠭᠤᠵᠤ᠂ ᠦᠷ ᠢᠶᠠᠷ ᠠᠭᠤᠯᠵᠠᠵᠤ᠂ ᠦᠳᠡᠰᠢ ᠪᠠᠷ ᠬᠠᠷᠢᠯᠴᠠᠨ ᠪᠠᠷᠠᠯᠠᠵᠤ᠂ ᠥᠷᠯᠥᠭᠡ ᠡᠷᠳᠡ ᠲᠠᠬᠢᠶ᠎ᠡ ᠳᠤᠤᠭᠠᠷᠬᠤ ᠲᠠᠭᠤᠨ ᠢ ᠬᠠᠮᠲᠤ ᠪᠠᠷ ᠰᠣᠨᠣᠰᠤᠨ᠎ᠠ ᠁︾᠂ ︽ᠸᠢᠶᠧᠲᠨᠠᠮ — ᠳᠤᠮᠳᠠᠳᠤ ᠤᠯᠤᠰ︾ ᠭᠡᠬᠦ ᠳᠤᠮᠳᠠᠳᠤ ᠸᠢᠶᠤᠳ᠋ᠨᠠᠮ ᠤᠨ ᠨᠥᠬᠦᠷᠯᠡᠯ ᠢ ᠲᠠᠭᠤᠯᠠᠬᠰᠠᠨ ᠰᠣᠩᠭᠤᠳᠠᠭ ᠳᠠᠭᠤᠤ ᠳᠤ ᠳᠠᠭᠤᠯᠠᠭᠰᠠᠨ ᠰᠢᠭ᠂ ᠸᠢᠶᠧᠲᠨᠠᠮ ᠤᠨ ᠠᠷᠠᠳ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠠᠶᠢᠯᠴᠢᠯᠠᠯᠲᠠ ᠬᠢᠬᠦ ᠪᠠᠷ ᠢᠷᠡᠬᠦ ᠶᠢ ᠬᠠᠯᠠᠭᠤᠨ ᠢᠶᠠᠷ ᠬᠦᠰᠡᠨ ᠬᠦᠯᠢᠶᠡᠵᠤ ᠪᠠᠶᠢᠨ᠎ᠠ᠂ ᠳᠤᠮᠳᠠᠳᠤ ᠸᠢᠶᠧᠲᠨᠠᠮ ᠤᠨ ︽ᠨᠥᠬᠦᠷ ᠪᠥᠭᠡᠳ ᠠᠬ᠎ᠠ ᠳᠡᠭᠦᠦ︾ ᠶᠢᠨ ᠨᠥᠬᠦᠷᠯᠡᠯ ᠤᠨ ᠴᠣ ᠰᠢᠨ᠎ᠡ ᠬᠠᠭᠤᠳᠠᠰᠤ ᠶᠢ ᠨᠡᠭᠡᠭᠡᠬᠦ ᠶᠢ ᠬᠦᠰᠡᠨ ᠬᠦᠯᠢᠶᠡᠵᠦ ᠪᠠᠶᠢᠨ᠎ᠠ᠃   ︵ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 12 ᠤᠨ ᠴᠠᠬᠢᠯᠭᠠᠨ ᠮᠡᠳᠡᠭᠡ ᠠᠴᠠ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号