ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠡᠳᠦᠷ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠲᠤᠰ ᠡᠳᠦᠷ ᠤᠨ | ᠦᠳᠡ ᠶᠢᠨ ᠬᠤᠶᠢᠨ᠎ᠠ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ | ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ | ᠲᠦᠷᠪᠡᠨ ᠰᠠᠷ᠎ᠠ ᠶᠢᠨ ᠬᠠᠨᠤᠢ ᠳᠤ ᠤᠢ ᠮᠣᠳᠣ ᠬᠥᠬᠡᠷᠡᠨ ᠨᠣᠭᠤᠭᠠᠷᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ | ᠲᠡᠷᠢᠭᠦᠯᠡᠭᠴᠢ ᠶᠢᠨ ᠣᠷᠳᠣᠨ ᠤ ᠠᠭᠤᠳᠠᠮ ᠲᠠᠯᠠᠪᠠᠢ ᠳᠤ ᠲᠠᠪᠤᠨ ᠣᠳᠣᠲᠤ ᠤᠯᠠᠭᠠᠨ ᠲᠤᠭ ᠪᠠ ᠠᠯᠳᠠᠨ ᠣᠳᠣᠲᠤ ᠤᠯᠠᠭᠠᠨ | ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠸᠢᠶᠧᠳ᠋ᠨᠠᠮ ᠤᠨ 200 ᠭᠠᠷᠤᠢ ᠪᠠᠭᠠᠴᠤᠳ ᠬᠡᠦᠬᠡᠳ ᠲᠤᠭ ᠳᠠᠯᠪᠠᠭ᠎ᠠ | ᠬᠤᠷᠦ᠋ᠢᠯᠠᠵᠤ᠂ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠪᠠ᠃ | ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠰᠦ᠋ ᠯᠢᠨ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ | ᠤᠭᠲᠤᠨ ᠠᠪᠴᠤ᠂ ᠸᠢᠶᠧᠲᠨᠠᠮ ᠤᠨ ᠪᠠᠭᠠᠴᠤᠳ ᠬᠡᠦᠬᠡᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ᠃ ᠰᠢ ᠶᠢᠨ | ᠫᠢᠩ ᠰᠦ᠋ ᠯᠢᠨ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ | ᠸᠢᠶᠧᠲᠨᠠᠮ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ ᠫᠤᠤ ᠶᠢ 21 | ᠳᠤᠤᠭᠠᠷᠭᠠᠪᠠ᠃ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ | ᠬᠤᠶᠠᠷ ᠨᠠᠮ ᠤᠨ ᠶᠡᠷᠦᠩᠬᠡᠢ ᠱᠦᠵᠢ ᠲᠤᠰ ᠲᠤᠰ ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ | ᠮᠡᠨᠳᠦᠴᠢᠯᠡᠵᠦ᠂ ᠳᠠᠷᠠᠭ᠎ᠠ ᠨᠢ ᠬᠠᠮᠲᠤ ᠪᠠᠷ ᠵᠢᠭᠰᠠᠭᠠᠯ ᠢ ᠰᠣᠨᠢᠷᠬᠠᠪᠠ᠃ | ᠤᠭᠲᠤᠬᠤ ᠶᠣᠰᠣᠯᠠᠯ ᠤᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ ᠬᠠᠮᠲᠤ ᠪᠠᠷ ᠸᠢᠶᠧᠲᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠬᠦᠷᠴᠦ ᠬᠡᠯᠡᠯᠴᠡᠭᠡ ᠬᠢᠪᠡ᠃ ᠵᠠᠮ ᠳᠠᠭᠠᠤ ᠸᠢᠶᠧᠲᠨᠠᠮ ᠤᠨ ᠬᠡᠳᠦᠨ | ᠵᠠᠭᠤᠨ ᠠᠷᠠᠳ ᠲᠦᠮᠡᠨ ᠬᠤᠶᠠᠷ ᠨᠠᠮ ᠬᠤᠶᠠᠷ ᠤᠯᠤᠰ ᠤᠨ ᠲᠤᠭ ᠢ ᠬᠤᠷᠦ᠋ᠢᠯᠠᠵᠤ᠂ ᠰᠢ ᠶᠢᠨ ᠫᠢᠩ ᠢ ᠬᠠᠯᠠᠭᠤᠨ ᠢᠶᠠᠷ | ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠤᠭᠲᠤᠬᠤ ᠪᠠᠷ ᠢᠷᠡᠭᠰᠡᠨ ᠤᠯᠠᠨ ᠤ ᠵᠦᠭ ᠭᠠᠷ ᠳᠠᠯᠠᠯᠤᠨ | ᠮᠡᠨᠳᠦᠴᠢᠯᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | |