ᠰᠢ ᠶᠢᠨ ᠫᠢᠩ ᠺᠤᠸᠠᠯᠠ ᠯᠦᠮᠫᠦ᠋ᠷ ᠲᠤ ᠬᠦᠷᠴᠦ ᠮᠠᠯᠠᠶᠢᠰᠢᠶ᠎ᠠ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ
ᠨᠡᠶᠢᠲᠡᠯᠡᠭᠰᠡᠨ ᠴᠠᠭ᠄
2025/4/16
    ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 15 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 4 ᠰᠠᠷ᠎ᠠ ᠶᠢᠨ 15 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠺᠤᠸᠠᠯᠠ ᠯᠦᠮᠫᠦ᠋ᠷ ᠲᠤ ᠬᠦᠷᠴᠦ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠤ ᠤᠷᠢᠯᠭ᠎ᠠ ᠪᠠᠷ ᠮᠠᠯᠠᠶᠢᠰᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ᠃     ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠮᠠᠯᠠᠶᠢᠰᠢᠶ᠎ᠠ ᠶᠢᠨ ᠵᠠᠰᠠᠭ ᠤᠨ ᠣᠷᠳᠣᠨ ᠪᠣᠯᠣᠨ ᠮᠠᠯᠠᠶᠢᠰᠢᠶ᠎ᠠ ᠶᠢᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃     ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠪᠣᠯ ᠲᠠᠯᠠᠢ ᠲᠠᠩᠭᠢᠰ ᠠᠯᠤᠰᠯᠠᠨ ᠰᠠᠭᠤᠭᠰᠠᠨ ᠨᠥᠭᠦᠷᠰᠡᠭ ᠬᠥᠷᠰᠢ ᠤᠯᠤᠰ ᠮᠥᠨ᠂ ᠤᠯᠠᠮᠵᠢᠯᠠᠯᠲᠤ ᠨᠥᠬᠦᠷᠯᠡᠯ ᠮᠢᠩᠭᠠᠨ ᠣᠨ ᠦᠷᠭᠦᠯᠵᠢᠯᠡᠵᠦ ᠪᠤᠢ᠃ ᠬᠠᠷᠢᠯᠴᠠᠭ᠎ᠠ ᠪᠠᠶᠢᠭᠤᠯᠤᠭᠰᠠᠨ ᠬᠠᠭᠠᠰ ᠭᠠᠷᠤᠢ ᠵᠠᠭᠤᠨ ᠤ ᠲᠤᠷᠰᠢ ᠬᠤᠶᠠᠷ ᠤᠯᠤᠰ ᠢᠶᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠤᠯᠤᠰ ᠪᠣᠯᠣᠨ ᠤᠯᠤᠰ ᠤᠨ ᠬᠤᠭᠤᠷᠣᠨᠳᠣᠭᠢ ᠬᠠᠷᠢᠯᠴᠠᠭ᠎ᠠ ᠶᠢᠨ ᠬᠡᠪ ᠳᠠᠭᠤᠷᠢᠶᠠᠯ ᠢ ᠪᠤᠢ ᠪᠣᠯᠭᠠᠪᠠ᠃ 2023 ᠣᠨ ᠳᠤ ᠬᠤᠶᠠᠷ ᠲᠠᠯ᠎ᠠ ᠪᠠᠷ ᠢᠶᠠᠨ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠨᠢᠳᠤᠨᠤᠨ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠪᠡ᠃ ᠴᠢᠬᠤᠯᠠ ᠬᠥᠭᠵᠢᠵᠦ ᠪᠠᠶᠢᠭ᠎ᠠ ᠤᠯᠤᠰ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠷᠢᠯᠳᠦᠭᠦᠨ ᠪᠣᠯᠤᠭᠰᠠᠨ ᠤ ᠬᠤᠪᠢ ᠳᠤ ᠳᠤᠮᠳᠠᠳᠤ ᠮᠠᠯᠠᠶᠢᠰᠢᠶ᠎ᠠ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠠᠰᠢᠭᠲᠠᠢ ᠶᠤᠮ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠶᠢ ᠨᠡᠮᠡᠭᠳᠡᠭᠦᠯᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠪᠣᠯᠪᠠᠰᠤᠨ ᠤ ᠰᠣᠯᠢᠯᠴᠠᠭ᠎ᠠ ᠬᠠᠷᠢᠯᠴᠠᠨ ᠲᠣᠯᠢ ᠪᠤᠯᠭᠠᠬᠤ ᠶᠢ ᠬᠠᠮᠲᠤ ᠪᠠᠷ ᠠᠬᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠰᠢᠨ᠎ᠡ ︽ᠰᠢᠵᠢᠷ ᠠᠯᠳᠠᠨ 50 ᠵᠢᠯ ︾ ᠢ ᠡᠬᠢᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠼᠠᠢ ᠴᠢ᠂ ᠸᠠᠩ ᠢ᠂ ᠸᠠᠩ ᠰᠢᠶᠣᠣ ᠬᠤᠩ ᠵᠡᠷᠭᠡ ᠪᠠᠷ᠎ᠠ ᠪᠣᠯᠣᠭᠰᠠᠳ ᠨᠢᠭᠡ ᠨᠢᠰᠬᠡᠯ ᠢᠶᠠᠷ ᠬᠠᠮᠲᠤ ᠭᠦᠷᠪᠡ᠃     ᠮᠠᠯᠠᠶᠢᠰᠢᠶ᠎ᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠧᠦ ᠶᠠᠩ ᠢᠦᠢ ᠵᠢᠩ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ᠃     ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠰᠠᠭᠠᠲᠠᠨ ᠪᠠᠭᠤᠬᠤ ᠪᠠᠭᠤᠳᠠᠯ ᠳᠠᠭᠠᠨ ᠬᠦᠷᠬᠦ ᠵᠠᠮ ᠵᠠᠭᠤᠷ᠎ᠠ ᠲᠤᠬᠠᠢ ᠶᠢᠨ ᠭᠠᠵᠠᠷ ᠤᠨ ᠳᠤᠮᠳᠠᠳᠤ ᠶᠢᠨ ᠪᠡᠯᠡᠲᠤ ᠠᠵᠤ ᠠᠬᠤᠶᠢᠯᠠᠯ ᠤᠨ ᠬᠥᠮᠥᠰ᠂ ᠭᠠᠳᠠᠭᠠᠳᠤ ᠳᠤ ᠰᠤᠷᠤᠯᠴᠠᠵᠦ ᠪᠠᠶᠢᠭ᠎ᠠ ᠰᠤᠷᠤᠬᠴᠢᠳ ᠵᠠᠮ ᠤᠨ ᠬᠤᠶᠠᠷ ᠬᠠᠵᠠᠭᠤ ᠳᠤ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ︽ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠶ᠎ᠠ︾᠂ ︽ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠮᠠᠨᠳᠤᠲᠤᠭᠠᠢ︾ ᠵᠡᠷᠭᠡ ᠤᠯᠠᠭᠠᠨ ᠥᠩᠭᠡ ᠶᠢᠨ ᠬᠥᠨᠳᠡᠯᠡᠨ ᠪᠢᠴᠢᠭᠡᠰᠦ ᠶᠢ ᠥᠨᠳᠥᠷ ᠡᠷᠭᠦᠵᠦ᠂ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ ᠭᠦᠷ ᠬᠥᠭᠵᠢᠶᠡᠨ ᠲᠠᠢ ᠪᠠᠷ ᠠᠷᠰᠯᠠᠨ ᠲᠣᠭᠯᠠᠭᠤᠯᠤᠨ ᠪᠥᠵᠢᠭᠯᠡᠵᠦ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号