ᠲᠤᠰᠤᠯᠭᠠᠨ ᠤᠰᠤᠯᠠᠬᠤ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠴᠦ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/17
    ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠰᠢ ᠮᠦ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠲᠠᠷᠢᠶᠠᠯᠠᠩ ᠤᠨ ᠴᠡᠪᠡᠷ ᠦᠢᠯᠡᠳᠪᠦᠷᠢᠯᠡᠯ ᠤᠨ ᠲᠤᠰᠤᠯᠭᠠᠨ ᠤᠰᠤᠯᠠᠬᠤ ᠪᠦᠰᠡ᠂ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠤᠳᠤᠷᠢᠳᠤᠮᠵᠢ ᠪᠣᠯᠭᠠᠵᠤ᠂ ᠣᠶᠤᠨᠴᠢ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤᠯᠠᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠥᠨᠳᠥᠷ ᠪᠦᠲᠦᠮᠵᠢᠲᠡᠢ ᠲᠠᠷᠢᠬᠤ᠂ ᠤᠰᠤ ᠠᠷᠪᠢᠯᠠᠵᠤ ᠪᠣᠷᠳᠣᠭᠤᠷ ᠠᠷᠪᠢᠯᠠᠬᠤ᠂ ᠪᠣᠬᠢᠷᠲᠤᠯ ᠦᠭᠡᠢ ᠲᠠᠷᠢᠬᠤ ᠬᠠᠷᠠᠯᠲᠠ ᠳᠤ ᠬᠦᠴᠦᠨ ᠨᠡᠮᠡᠷᠢᠯᠡᠪᠡ    ᠥᠪᠥᠷ ᠮᠣᠩᠭᠤᠯ ᠤᠨ ᠰᠢ ᠮᠦ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠱᠤᠭᠤᠮ ᠶᠠᠭ ᠳᠡᠭᠡᠳᠦ ᠬᠤᠷᠳᠤᠴᠠ ᠪᠠᠷ ᠠᠵᠢᠯᠯᠠᠵᠤ᠂ ᠥᠨᠳᠥᠷ ᠴᠢᠳᠠᠪᠬᠢᠲᠤ ᠲᠤᠰᠤᠯᠭᠠᠨ ᠤᠰᠤᠯᠠᠬᠤ ᠡᠮᠬᠢ ᠵᠠᠮᠪᠠᠷᠠᠭ᠎ᠠ ᠲᠠᠢ ᠪᠠᠷ ᠠᠵᠢᠯᠯᠠᠵᠤ ᠪᠠᠶᠢᠨ᠎ᠠ᠃ ᠠᠵᠢᠯᠴᠢᠳ ᠦᠢᠯᠡᠳᠪᠦᠷᠢᠯᠡᠭᠰᠡᠨ ᠲᠤᠰᠤᠯᠭᠠᠨ ᠤᠰᠤᠯᠠᠬᠤ ᠪᠦᠰᠡ ᠶᠢ ᠪᠣᠭᠤᠵᠢᠯᠠᠵᠤ᠂ ᠬᠦᠨᠳᠦ ᠶᠢ ᠬᠡᠮᠵᠢᠵᠦ᠂ ᠲᠡᠷᠭᠡᠨ ᠳᠤ ᠠᠴᠢᠶᠠᠯᠠᠵᠤ᠂ ᠡᠳᠡᠭᠡᠷ ᠲᠤᠰᠤᠯᠭᠠᠨ ᠤᠰᠤᠯᠠᠬᠤ ᠪᠦᠰᠡ ᠶᠢ ᠲᠡᠷᠢᠭᠦᠨ ᠤ ᠳᠣᠲᠣᠷ ᠬᠥᠪᠡᠭᠡᠲᠦ ᠨᠠᠭᠠᠯᠲᠠ ᠮᠠᠶ᠋ᠢᠭ ᠤᠨ ᠤᠷᠤᠰᠬᠠᠯᠲᠤ ᠵᠠᠮ ᠤᠨ ᠵᠢᠷᠤᠭ ᠲᠥᠯᠥᠪᠯᠡᠭᠡ ᠶᠢ ᠬᠡᠷᠡᠭᠯᠡᠵᠦ᠂ ᠤᠰᠤᠨ ᠤ ᠤᠷᠤᠰᠬᠠᠯ ᠵᠢᠭᠳᠡ ᠪᠥᠭᠡᠳ ᠲᠣᠭᠲᠠᠭᠤᠨ ᠪᠠᠶᠢᠬᠤ ᠶᠢ ᠪᠠᠲᠤᠯᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ︽ᠮᠠᠨ ᠤ ᠺᠣᠮᠫᠠᠨᠢ ᠶᠢᠨ ᠦᠢᠯᠡᠳᠪᠦᠷᠢᠯᠡᠭᠰᠡᠨ ᠳᠣᠲᠣᠷ ᠬᠥᠪᠡᠭᠡᠲᠦ ᠨᠠᠭᠠᠮᠠᠯ ᠹᠢᠯᠢᠮ ᠤᠨ ᠲᠤᠰᠤᠯᠭᠠᠨ ᠤᠰᠤᠯᠠᠬᠤ ᠪᠦᠰᠡ ᠨᠢ ᠤᠯᠠᠮᠵᠢᠯᠠᠯᠲᠤ ᠲᠤᠰᠤᠯᠭᠠᠨ ᠤᠰᠤᠯᠠᠬᠤ ᠪᠦᠰᠡ ᠲᠠᠢ ᠬᠠᠷᠢᠴᠠᠭᠤᠯᠪᠠᠯ ᠤᠰᠤ ᠠᠷᠪᠢᠯᠠᠬᠤ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠵᠦ᠂ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ 70% ᠳᠤ ᠬᠦᠷᠦᠭᠦᠯᠵᠦ᠂ ᠭᠠᠷᠤᠯᠲᠠ ᠨᠡᠮᠡᠭᠳᠡᠭᠰᠡᠨ ᠨᠣᠷᠮ᠎ᠠ ᠶᠢ 10% ᠳᠤ ᠬᠦᠷᠦᠭᠦᠯᠦᠨ᠎ᠡ᠃ ᠥᠨᠳᠥᠷ ᠨᠢᠭᠲᠠᠴᠠᠲᠤ ᠡᠲ᠋ᠧᠨ ᠤ PE ᠬᠤᠭᠤᠯᠠᠢ ᠶᠢᠨ ᠮᠠᠲ᠋ᠧᠷᠢᠶᠠᠯ ᠨᠢ ᠭᠠᠷᠮᠠᠭᠠᠢ ᠬᠠᠷᠰᠢ ᠰᠠᠭᠠᠳ ᠪᠦᠬᠦᠢ ᠴᠢᠳᠠᠮᠵᠢ ᠲᠠᠢ ᠪᠠᠶᠢᠵᠤ᠂ ᠤᠰᠤᠨ ᠤ ᠠᠭᠤᠷᠰᠢᠯᠲᠠ ᠪᠠ ᠪᠦᠷᠢᠯᠭᠡᠬᠦ ᠶᠢ ᠪᠦᠲᠦᠮᠵᠢᠲᠡᠢ ᠪᠠᠭᠠᠰᠬᠠᠵᠤ᠂ ᠪᠢᠳᠡᠨ ᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠤᠶᠤᠨᠲᠤ ᠤᠰᠤ ᠪᠣᠷᠳᠣᠭᠤᠷ ᠤᠨ ᠨᠢᠭᠡ ᠴᠣᠭᠴᠠ ᠮᠠᠰᠢᠨ ᠲᠠᠢ ᠤᠶᠠᠯᠳᠤᠭᠤᠯᠤᠨ᠂ ᠶᠡᠷᠦᠩᠬᠡᠶᠢᠯᠡᠭᠰᠡᠨ ᠤᠰᠤ ᠠᠷᠪᠢᠯᠠᠬᠤ ᠨᠣᠷᠮ᠎ᠠ ᠨᠢ 15% ᠳᠤ ᠬᠦᠷᠴᠦ᠂ ᠪᠣᠷᠳᠣᠭᠤᠷ ᠠᠷᠪᠢᠯᠠᠬᠤ 30% ᠳᠤ ᠬᠦᠷᠴᠦ᠂ ᠭᠠᠷᠤᠯᠲᠠ ᠪᠠᠨ 10% ᠠᠴᠠ ᠳᠡᠭᠡᠭᠰᠢ ᠨᠡᠮᠡᠭᠳᠡᠭᠦᠯᠬᠦ ᠪᠣᠯᠤᠨ᠎ᠠ︾ ᠬᠡᠵᠤ ᠥᠪᠥᠷ ᠮᠣᠩᠭᠤᠯ ᠤᠨ ᠰᠢᠮᠦᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠬᠠᠨ ᠢᠩ ᠢ ᠵᠦᠩ ᠬᠡᠯᠡᠪᠡ᠃    ᠥᠪᠥᠷ ᠮᠣᠩᠭᠤᠯ ᠤᠨ ᠰᠢ ᠮᠦ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠪᠣᠯ ᠲᠠᠷᠢᠶᠠᠨ ᠭᠠᠵᠠᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠠᠵᠤ ᠠᠬᠤᠶᠢᠯᠠᠯ ᠪᠣᠯᠤᠨ᠎ᠠ᠂ ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠲᠤᠰᠤᠯᠭᠠᠨ ᠤᠰᠤᠯᠠᠬᠤ ᠪᠦᠰᠡ ᠶᠢᠨ ᠦᠢᠯᠡᠳᠪᠦᠷᠢᠯᠡᠯ ᠤᠨ ᠮᠡᠷᠭᠡᠵᠢᠯ ᠢ ᠰᠤᠳᠤᠯᠤᠨ ᠨᠡᠭᠡᠭᠡᠬᠦ ᠶᠢᠨ ᠬᠠᠮᠲᠤ ᠪᠠᠰᠠ ᠳᠠᠬᠢᠯᠲᠠ ᠰᠦᠯᠢᠶᠣᠣ ᠶᠢᠨ ᠮᠥᠬᠦᠯᠢᠭ ᠢ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢᠯᠡᠯ ᠤᠨ ᠲᠥᠬᠦᠭᠡᠷᠦᠮᠵᠢ ᠶᠢ ᠢᠳᠡᠪᠬᠢᠲᠡᠢ ᠬᠡᠷᠡᠭᠯᠡᠵᠦ᠂ ᠬᠠᠶᠠᠭᠳᠠᠮᠠᠯ ᠬᠠᠭᠤᠴᠢᠨ ᠲᠤᠰᠤᠯᠭᠠᠨ ᠤᠰᠤᠯᠠᠬᠤ ᠪᠦᠰᠡ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠪᠡᠶᠡᠯᠡᠭᠦᠯᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠵᠦ᠂ ᠵᠢᠯ ᠪᠦᠷᠢ ᠬᠤᠳᠠᠯᠳᠤᠨ ᠠᠪᠤᠭᠰᠠᠨ ᠬᠠᠶᠠᠭᠳᠠᠮᠠᠯ ᠬᠠᠭᠤᠴᠢᠨ ᠲᠤᠰᠤᠯᠭᠠᠨ ᠤᠰᠤᠯᠠᠬᠤ ᠪᠦᠰᠡ ᠶᠢ ᠰᠢᠨ᠎ᠡ ᠦᠢᠯᠡᠳᠬᠦᠨ ᠪᠣᠯᠭᠠᠨ ᠪᠣᠯᠪᠠᠰᠤᠷᠠᠭᠤᠯᠵᠤ᠂ ᠲᠠᠷᠢᠮᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠪᠠᠷ ᠪᠠᠷᠠᠬᠤ ᠦᠭᠡᠢ ᠪᠠᠰᠠ ᠪᠣᠬᠢᠷᠲᠤᠯ ᠢ ᠪᠠᠭᠠᠰᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠯᠥᠭᠡᠯᠡᠭᠳᠡᠬᠦ ᠦᠭᠡᠢ ᠪᠠᠶᠢᠬᠤ ᠶᠢ ᠪᠠᠲᠤᠯᠠᠪᠠ᠃ ᠥᠪᠥᠷ ᠮᠣᠩᠭᠤᠯ ᠤᠨ ᠰᠢᠮᠦ᠋ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠤᠰᠤ ᠠᠷᠪᠢᠯᠠᠬᠤ ᠠᠵᠢᠯᠯᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠣᠶᠤᠨᠴᠢ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤᠯᠠᠯᠲᠠ ᠶᠢᠨ ᠰᠢᠰᠲ᠋ᠧᠮ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ᠂ ᠣᠶᠤᠨᠴᠢᠯᠠᠭᠰᠠᠨ ᠡᠵᠡᠮᠳᠡᠯ ᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠪᠡ᠃      ᠥᠪᠥᠷ ᠮᠣᠩᠭᠤᠯ ᠤᠨ ᠰᠢ ᠮᠦ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠶᠢᠨ ᠠᠯᠪᠠᠨ ᠭᠡᠷ ᠤᠨ ᠡᠷᠬᠢᠯᠡᠭᠴᠢ ᠸᠠᠩ ᠬᠤᠩ ᠰᠢᠶᠠ᠄ ︽ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠥᠷᠭᠡᠨ ᠣᠯᠠᠨ ᠲᠠᠷᠢᠶᠠᠴᠢᠨ ᠡᠷᠦᠬᠡ ᠪᠣᠯᠤᠨ ᠬᠡᠷᠡᠭᠯᠡᠭᠴᠢ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠮᠠᠨ ᠤ ᠡᠳᠦᠷ ᠪᠦᠷᠢ ᠶᠢᠨ ᠦᠢᠯᠡᠳᠪᠦᠷᠢᠯᠡᠯ ᠤᠨ ᠠᠵᠢᠯ ᠴᠦ ᠴᠠᠭ ᠨᠡᠮᠡᠵᠦ ᠠᠵᠢᠯᠯᠠᠨ᠂ ᠺᠣᠮᠫᠠᠨᠢ ᠶᠢᠨ ᠣᠳᠣᠬᠠᠨ ᠤ ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠯᠡᠨ᠂ ᠲᠤᠰᠤᠯᠭᠠᠨ ᠤᠰᠤᠯᠠᠬᠤ ᠪᠦᠰᠡ ᠶᠢ ᠡᠳᠦᠷ ᠪᠦᠷᠢ 1000 ᠪᠣᠭᠤᠵᠢ ᠦᠢᠯᠡᠳᠪᠦᠷᠢᠯᠡᠵᠦ᠂ 3000 ᠮᠦ ᠭᠠᠵᠠᠷ ᠰᠢᠷᠣᠢ ᠶᠢ ᠬᠠᠮᠤᠷᠴᠤ᠂ PE ᠬᠤᠭᠤᠯᠠᠢ ᠶᠢᠨ ᠮᠠᠲ᠋ᠧᠷᠢᠶᠠᠯ ᠢ 40 ᠲᠣᠨ ᠦᠢᠯᠡᠳᠪᠦᠷᠢᠯᠡᠵᠦ ᠪᠣᠯᠤᠨ᠎ᠠ᠃ ᠦᠢᠯᠡᠳᠪᠦᠷᠢᠯᠡᠯ ᠤᠨ ᠶᠠᠪᠤᠴᠠ ᠳᠤ᠂ ᠪᠢᠳᠡ ᠬᠤᠭᠤᠯᠠᠶᠢᠲᠤ ᠮᠠᠲ᠋ᠧᠷᠢᠶᠠᠯ ᠨᠢᠭᠡᠪᠦᠷᠢ᠂ ᠲᠤᠰᠤᠯᠭᠠᠨ ᠤᠰᠤᠯᠠᠬᠤ ᠪᠦᠰᠡ ᠨᠢᠭᠡᠪᠦᠷᠢ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠤᠰᠤ ᠠᠷᠪᠢᠯᠠᠬᠤ ᠦᠢᠯᠡᠳᠬᠦᠨ ᠨᠢᠭᠡᠪᠦᠷᠢ ᠶᠢ ᠴᠥᠮ ᠤᠯᠤᠰ ᠤᠨ ᠪᠠᠷᠢᠮᠵᠢᠶ᠎ᠠ ᠪᠠᠷ ᠦᠢᠯᠡᠳᠪᠦᠷᠢᠯᠡᠬᠦ ᠪᠠ ᠰᠢᠯᠭᠠᠨ ᠠᠪᠬᠤ ᠳᠤ ᠬᠦᠷᠭᠡᠬᠦ ᠶᠢ ᠪᠠᠲᠤᠯᠠᠪᠠ︾ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号