4 ᠰᠠᠷ᠎ᠠ ᠶᠢᠨ 16 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠬᠤᠲᠠ ᠳᠤ | ᠰᠢᠨᠵᠢᠯᠡᠨ ᠪᠠᠶᠢᠴᠠᠭᠠᠬᠤ ᠶᠢᠨ ᠬᠠᠮᠲᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠭᠤᠷᠪᠠᠨ | ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠶᠠᠷᠢᠯᠴᠠᠬᠤ ᠬᠤᠷᠠᠯ ᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ | ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠠᠬᠢᠭᠤᠯᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠯᠢ ᠴᠢᠶᠠᠩ ᠶᠡᠷᠦᠩᠬᠡᠢ ᠰᠠᠶᠢᠳ 4 ᠰᠠᠷ᠎ᠠ ᠶᠢᠨ 9 ᠤ ᠡᠳᠦᠷ ᠤᠨ ᠠᠵᠤ ᠠᠬᠤᠢ ᠶᠢᠨ ᠪᠠᠶᠢᠳᠠᠯ ᠤᠨ | ᠲᠤᠰᠬᠠᠢ ᠮᠡᠷᠭᠡᠵᠢᠯᠲᠡᠨ ᠪᠠ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ︔ ᠬᠤᠷᠠᠯ ᠠᠴᠠ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ 2025 ᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ | ᠢᠨᠵᠧᠨᠧᠷᠢᠩ ᠢ ᠣᠨᠳᠣᠣ ᠭᠠᠵᠠᠷ ᠲᠤ ᠡᠯᠡᠰᠦ ᠶᠢ ᠵᠠᠰᠠᠬᠤ ᠲᠥᠷᠥᠯ ᠵᠦᠢᠯ᠂ 2025 ᠣᠨ ᠤ ᠡᠬᠢᠨ ᠤ | ᠲᠥᠰᠦᠪ ᠤᠨ ᠪᠡᠯᠡ ᠮᠥᠩᠭᠦ ᠶᠢᠨ ᠬᠡᠷᠡᠭᠯᠡᠯᠲᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ | ᠨᠡᠮᠡᠭᠳᠡᠭᠰᠡᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠵᠡᠷᠭᠡ | ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠶᠠᠷᠢᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠳᠡᠭᠡᠳᠦ ᠳᠣᠣᠷᠠᠳᠤ | ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠪᠦᠬᠦ ᠨᠡᠶᠢᠭᠡᠮ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ | ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢᠶᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠲᠠᠪᠤᠨ ᠵᠦᠢᠯ ᠤᠨ ᠵᠠᠰᠠᠯᠲᠠ ᠶᠢᠨ ᠵᠠᠭᠪᠤᠷ ᠢ ᠬᠠᠮᠵᠢᠯᠴᠠᠨ ᠠᠬᠢᠭᠤᠯᠵᠤ᠂ ︽ᠱᠠᠯᠢᠭ ᠵᠠᠪᠬᠠᠢ ᠶᠢ | ᠤᠰᠠᠳᠬᠠᠬᠤ᠂ ᠴᠠᠭᠠᠨ ᠢ ᠵᠠᠰᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠭᠤᠷᠪᠠᠨ ᠵᠦᠢᠯ ᠤᠨ ᠠᠵᠢᠯᠯᠠᠭ᠎ᠠ ᠶᠢ | ᠥᠨᠳᠥᠷ ᠪᠦᠲᠦᠮᠵᠢᠲᠡᠢ ᠪᠠᠷ ᠬᠡᠷᠡᠭᠵᠢᠭᠦᠯᠵᠦ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠵᠠᠰᠠᠯᠲᠠ ᠶᠢᠨ | ᠭᠤᠣᠯᠳᠠᠯᠭ᠎ᠠ ᠶᠢ ᠲᠣᠪᠤᠶᠢᠯᠭᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠤ ᠢᠯᠠᠯᠲᠠ ᠶᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠢ ᠬᠥᠭ | ᠠᠶᠠᠰ ᠢ ᠪᠠᠷᠢᠮᠲᠠᠯᠠᠵᠤ᠂ ᠪᠦᠬᠦ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠡᠮᠡᠭᠳᠡᠯ ᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠤᠶᠠᠳᠤᠭᠠᠷ ᠤᠯᠠᠷᠢᠯ ᠤᠨ ᠠᠵᠤ | ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠯ ᠵᠡᠷᠭᠡ ᠭᠤᠣᠯᠳᠠᠯᠭ᠎ᠠ ᠲᠠᠢ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠬᠡᠷᠡᠭᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ | ᠬᠡᠷᠡᠭᠲᠡᠢ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠳᠠᠩᠰᠠᠨ ᠤ | ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠵᠡᠷᠭᠡ ᠠᠰᠠᠭᠤᠳᠠᠯ ᠢ ᠴᠢᠩᠭ᠎ᠠ ᠨᠠᠶᠢᠳᠠᠪᠤᠷᠢᠵᠢᠭᠤᠯᠵᠤ | ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ | ᠥᠭᠬᠦ ᠬᠡᠷᠡᠭᠲᠡᠢ᠃ ᠡᠳ᠋ ᠤᠨ ᠵᠠᠰᠠᠭ ᠤᠨ ᠣᠷᠣᠯᠭ᠎ᠠ ᠶᠢ ᠬᠥᠮᠥᠷᠭᠡ ᠳᠤ ᠣᠷᠣᠭᠤᠯᠬᠤ ᠠᠬᠢᠴᠠ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠷᠤᠯᠭ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ | ᠲᠥᠰᠦᠪ ᠢ ᠬᠡᠷᠡᠭᠵᠢᠭᠦᠯᠬᠦ ᠶᠢ ᠬᠢᠨᠠᠨ ᠡᠵᠡᠮᠳᠡᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠲᠡᠩᠴᠡᠭᠦᠷᠢᠲᠡᠢ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |