4 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ | ᠬᠤᠷᠠᠯᠳᠤᠪᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠩᠭᠠᠨ ᠠᠶᠢᠮᠠᠭ ᠤᠨ ᠬᠤᠷᠢ᠊ ᠡᠶ᠎ᠡ ᠶᠢᠨ ᠳᠡᠳ᠋ ᠱᠦᠵᠢ | ᠯᠢ ᠵᠢᠩ ᠢ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢ᠊ ᠡᠶ᠎ᠡ ᠶᠢᠨ ᠱᠦᠵᠢ ᠴᠧᠨ ᠴᠢᠩ ᠬᠤᠸᠠ ᠬᠤᠷᠠᠯ ᠳᠤ ᠣᠷᠣᠯᠴᠠᠵᠠᠢ᠃ | ᠶᠡᠭᠡ ᠬᠤᠷᠠᠯ ᠡᠬᠢᠯᠡᠬᠦ ᠠᠴᠠ ᠡᠮᠦᠨ᠎ᠡ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ | ᠲᠥᠯᠥᠭᠡᠯᠡᠭᠴᠢ ᠪᠣᠯᠤᠨ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠶᠢᠨ ᠬᠠᠮᠲᠤ ᠶᠢᠨ ᠰᠡᠭᠦᠳᠡᠷ ᠲᠠᠲᠠᠭᠤᠯᠵᠤ | ᠳᠤᠷᠠᠰᠬᠠᠯ ᠦᠯᠡᠳᠡᠭᠡᠪᠡ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ | ᠡᠬᠢᠯᠡᠪᠡ᠃ ᠪᠦᠬᠦ ᠬᠥᠮᠦᠰ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠪᠠ᠃ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠠᠩᠭᠢ ᠶᠢᠨ ᠲᠤᠭ ᠢ ᠥᠨᠳᠥᠷ ᠮᠠᠨᠳᠤᠭᠤᠯᠵᠤ᠂ ᠲᠣᠮᠣ | ᠠᠯᠬᠤᠮ ᠢᠶᠠᠷ ᠤᠷᠤᠭᠰᠢᠯᠠᠵᠤ᠂ ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠳᠠᠭᠤᠤ︾ | ᠶᠢ ᠬᠥᠭᠵᠢᠮᠳᠡᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠶᠡᠭᠡ ᠬᠤᠷᠠᠯ ᠳᠤ ᠦᠭᠡ ᠬᠡᠯᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠯᠢ ᠵᠢᠩ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠡᠯ᠎ᠡ ᠱᠠᠲᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠣᠯᠤᠭᠰᠠᠨ | ᠪᠠᠶᠠᠷᠯᠠᠭᠤᠰᠢᠲᠠᠢ ᠬᠢᠷᠢ ᠪᠦᠲᠦᠮᠵᠢ ᠶᠢ ᠨᠤᠲᠠᠯᠠᠬᠤ ᠶᠢᠨ ᠬᠠᠮᠲᠤ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠴᠠᠢ᠃ ᠬᠦᠰᠡᠯᠡᠩ ᠢ ᠪᠣᠢ ᠪᠣᠯᠭᠠᠵᠤ᠂ ᠡᠬᠡ | ᠣᠷᠣᠨ ᠳᠠᠭᠠᠨ ᠢᠷᠠᠭᠤ ᠠᠯᠳᠠᠷ ᠣᠯᠭᠤᠬᠤ ᠪᠠᠷ ᠵᠣᠷᠢᠭ ᠰᠢᠭᠤᠳᠬᠤ ᠬᠡᠷᠡᠭᠲᠡᠢ︔ ᠵᠠᠩ ᠮᠣᠷᠠᠯ ᠢ ᠬᠥᠮᠦᠵᠢᠭᠦᠯᠵᠦ᠂ | ᠰᠠᠶᠢᠨ ᠰᠠᠶᠢᠬᠠᠨ ᠰᠡᠳᠬᠢᠴᠡ ᠶᠢᠨ ᠬᠡᠪ ᠴᠢᠨᠠᠷ ᠪᠠ ᠡᠷᠡᠭᠦᠯ ᠴᠢᠭᠢᠷᠠᠭ ᠪᠡᠶ᠎ᠡ ᠮᠠᠬᠠᠪᠣᠳ ᠢ ᠳᠠᠪᠲᠠᠨ | ᠪᠣᠯᠪᠠᠰᠤᠷᠠᠭᠤᠯᠬᠤ ᠬᠡᠷᠡᠭᠲᠡᠢ︔ ᠨᠠᠷᠢᠨ ᠬᠢᠨᠠᠮᠠᠭᠠᠢ ᠰᠤᠷᠤᠯᠴᠠᠵᠤ᠂ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ | ᠴᠢᠷᠮᠠᠶᠢᠨ ᠡᠵᠡᠮᠰᠢᠬᠦ ᠬᠡᠷᠡᠭᠲᠡᠢ︔ ᠭᠦᠨᠵᠡᠭᠡᠢ ᠦᠢᠯᠡᠳᠦᠯᠭᠡᠵᠢᠭᠦᠯᠵᠦ᠂ ᠦᠢᠯᠡᠳᠦᠯᠭᠡ ᠶᠢᠨ ᠳᠤᠮᠳᠠ ᠦᠰᠦᠨ | ᠪᠤᠶᠢᠵᠢᠯᠲᠠ ᠶᠢ ᠪᠡᠶᠡᠴᠢᠯᠡᠨ ᠣᠶᠢᠯᠠᠭᠠᠵᠤ᠂ ᠲᠤᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ | ᠴᠠᠭ ᠢᠮᠠᠭᠲᠠ ᠰᠠᠶᠢᠲᠤᠷ ᠪᠡᠯᠡᠳᠬᠡᠯ ᠬᠢᠬᠦ ᠬᠡᠷᠡᠭᠲᠡᠢ᠃ ᠴᠧᠨ ᠴᠢᠩ ᠬᠤᠸᠠ ᠴᠢᠬᠤᠯᠠᠴᠢᠯᠠᠭᠰᠠᠨ ᠨᠢ᠂ ᠪᠦᠬᠦ | ᠬᠤᠰᠢᠭᠤᠨ ᠤ ᠡᠯ᠎ᠡ ᠱᠠᠲᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠨᠢ ᠨᠠᠮ ᠠᠴᠠ | ᠣᠯᠭᠤᠭᠰᠠᠨ ᠰᠤᠷᠭᠠᠨ ᠬᠥᠮᠦᠵᠢᠯ᠂ ᠪᠠᠭᠠᠴᠤᠳ ᠬᠡᠦᠬᠡᠳ ᠢ ᠬᠥᠲᠥᠯᠥᠨ ᠵᠢᠯᠣᠭᠤᠳᠬᠤ ᠢᠷᠠᠭᠤ ᠠᠯᠳᠠᠷᠲᠤ | ᠡᠭᠦᠷᠭᠡ ᠶᠢ ᠡᠭᠦᠷᠭᠡᠯᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠪᠠᠭᠠᠴᠤᠳ ᠤᠨ ᠬᠤᠰᠢᠭᠤᠴᠢ | ᠠᠩᠭᠢ ᠶᠢᠨ ᠦᠢᠯᠡᠰ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠢ︔ | ᠥᠷᠭᠡᠨ ᠣᠯᠠᠨ ᠬᠠᠪᠰᠤᠷᠤᠨ ᠵᠢᠯᠣᠭᠤᠳᠤᠭᠴᠢ ᠨᠢ ᠪᠠᠭᠠᠴᠤᠳ ᠬᠡᠦᠬᠡᠳ ᠤᠨ ᠠᠮᠢᠳᠤᠷᠠᠯ ᠤᠨ ᠬᠥᠭᠡᠭᠡᠴᠡᠯᠳᠦᠯ ᠤᠨ | ᠬᠥᠲᠥᠯᠥᠨ ᠳᠠᠭᠠᠭᠤᠯᠤᠭᠴᠢ᠂ ᠦᠢᠯᠡᠳᠦᠯᠭᠡ ᠶᠢᠨ ᠣᠶᠢᠯᠠᠭᠠᠯᠲᠠ ᠶᠢᠨ ᠵᠣᠬᠢᠶᠠᠨ ᠪᠠᠶᠢᠭᠤᠯᠤᠭᠴᠢ᠂ ᠡᠷᠡᠭᠦᠯ ᠢᠶᠠᠷ | ᠥᠰᠦᠨ ᠪᠤᠶᠢᠵᠢᠬᠤ ᠦᠢᠯᠡᠴᠢᠯᠡᠭᠴᠢ᠂ ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠭᠴᠢ ᠪᠣᠯᠬᠤ ᠪᠠᠷ | ᠴᠢᠷᠮᠠᠶᠢᠬᠤ ᠬᠡᠷᠡᠭᠲᠡᠢ︔ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠤᠪᠢᠰᠬᠠᠯ ᠤᠨ | ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠡᠷᠲᠡᠬᠡᠨ ᠤᠯᠤᠰ ᠣᠷᠣᠨ ᠢ ᠪᠦᠲᠦᠭᠡᠨ ᠪᠠᠶᠢᠭᠤᠯᠬᠤ ᠲᠤᠯᠭᠠᠭᠤᠷᠢ | ᠬᠦᠴᠦᠨ ᠪᠣᠯᠵᠤ᠂ ᠡᠬᠡ ᠤᠯᠤᠰ᠂ ᠠᠷᠠᠳ ᠲᠦᠮᠡᠨ ᠪᠠ ᠨᠡᠶᠢᠭᠡᠮ ᠳᠤ ᠬᠡᠷᠡᠭᠴᠡᠭᠡ ᠲᠠᠢ ᠴᠢᠳᠠᠪᠤᠷᠢᠲᠠᠨ ᠪᠣᠯᠬᠤ ᠪᠠᠷ | ᠴᠢᠷᠮᠠᠶᠢᠬᠤ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠰᠢᠭᠤᠨ ᠤ ᠬᠤᠷᠢᠶᠠᠨ ᠤ ᠬᠠᠷᠢᠭᠤᠴᠠᠯᠭᠠᠲᠠᠨ | ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠩᠬᠠᠳᠤᠭᠠᠷ ᠬᠤᠭᠤᠴᠠᠭᠠᠨ ᠤ ᠠᠵᠢᠯ ᠤᠨ ᠵᠥᠪᠯᠡᠯ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠪᠡ᠃ ᠬᠤᠷᠠᠯ ᠳᠡᠭᠡᠷ᠎ᠡ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠬᠤᠭᠤᠴᠠᠭᠠᠨ ᠤ ᠠᠵᠢᠯ ᠤᠨ ᠵᠥᠪᠯᠡᠯ ᠤᠨ ᠭᠡᠰᠢᠭᠦᠨ ᠤ | ᠵᠢᠱᠢᠭᠳᠡᠭᠴᠢ ᠶᠢᠨ ᠨᠡᠷᠡᠰ᠂ ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ | ᠰᠣᠩᠭᠤᠭᠤᠯᠢ ᠶᠢᠨ ᠠᠷᠭ᠎ᠠ ︵ᠲᠥᠰᠦᠯ︶︾ ᠶᠢ ᠬᠢᠨᠠᠨ ᠵᠥᠪᠯᠡᠵᠦ ᠪᠠᠲᠤᠯᠠᠭᠠᠳ᠂ ᠳᠤᠮᠳᠠᠳᠤ ᠤᠯᠤᠰ ᠤᠨ | ᠪᠠᠭᠠᠴᠤᠳ ᠤᠨ ᠬᠤᠰᠢᠭᠤᠴᠢ ᠠᠩᠭᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ | ᠬᠤᠭᠤᠴᠠᠭᠠᠨ ᠤ ᠠᠵᠢᠯ ᠤᠨ ᠵᠥᠪᠯᠡᠯ ᠤᠨ ᠭᠡᠰᠢᠭᠦᠨ ᠢ ᠰᠣᠩᠭᠤᠭᠰᠠᠨ ᠪᠥᠭᠡᠳ ᠰᠣᠩᠭᠤᠭᠤᠯᠢ ᠶᠢᠨ ᠦᠷ᠎ᠡ ᠳ᠋ᠦᠩ ᠢ | ᠨᠡᠶᠢᠲᠡᠯᠡᠪᠡ᠃ | ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠶᠠᠳᠤᠭᠠᠷ ᠬᠤᠭᠤᠴᠠᠭᠠᠨ ᠤ ᠠᠵᠢᠯ ᠤᠨ ᠵᠥᠪᠯᠡᠯ ᠤᠨ ᠠᠩᠬᠠᠳᠤᠭᠠᠷ ᠪᠦᠭᠦᠳᠡ ᠬᠤᠷᠠᠯ ᠳᠡᠭᠡᠷ᠎ᠡ᠂ | ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠶᠠᠳᠤᠭᠠᠷ ᠬᠤᠭᠤᠴᠠᠭᠠᠨ ᠤ ᠠᠵᠢᠯ ᠤᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠶᠢ | ᠰᠣᠩᠭᠤᠪᠠ᠃ ᠲᠡᠭᠦᠰᠬᠦ ᠶᠣᠰᠣᠯᠠᠯ ᠳᠡᠭᠡᠷ᠎ᠡ᠂ ᠰᠢᠨ᠎ᠡ ᠪᠠᠷ ᠰᠣᠩᠭᠤᠭᠳᠠᠭᠰᠠᠨ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠪᠠᠭᠠᠴᠤᠳ ᠤᠨ ᠠᠵᠢᠯ ᠤᠨ ᠵᠥᠪᠯᠡᠯ ᠤᠨ ᠡᠷᠬᠢᠯᠡᠭᠴᠢ ᠣᠪᠣᠷ ᠢᠶᠠᠨ ᠢᠯᠡᠳᠬᠡᠬᠦ ᠦᠭᠡ | ᠬᠡᠯᠡᠪᠡ᠃ ᠳᠠᠷᠠᠭ᠎ᠠ ᠨᠢ᠂ ᠪᠦᠬᠦ ᠲᠠᠯᠠᠪᠠᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠡᠷᠢ ᠲᠡᠭᠰᠢ | ᠲᠥᠪ ᠵᠣᠭᠰᠣᠵᠤ᠂ ᠳᠠᠭᠤᠨ ᠨᠢᠭᠡᠲᠡᠢ ᠤᠷᠢᠶᠠᠯᠠᠭ᠎ᠠ ᠳᠠᠭᠤᠷᠢᠰᠴᠤ᠂ ᠲᠥᠪ ᠬᠢᠴᠢᠶᠡᠩᠭᠦᠢ ᠲᠤᠭ ᠭᠠᠷᠬᠤ ᠶᠢ | ᠳᠠᠭᠠᠯᠳᠤᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠡᠷᠢ ᠲᠡᠭᠰᠢ ᠢᠳᠡᠷᠡᠭᠦᠨ ᠠᠯᠬᠤᠭ᠎ᠠ ᠪᠠᠷ | ᠠᠩᠭᠢ ᠶᠢᠨ ᠲᠤᠭ ᠢᠶᠠᠨ ᠬᠠᠮᠠᠭᠠᠯᠠᠨ ᠲᠠᠯᠠᠪᠤᠷ ᠠᠴᠠ ᠭᠠᠷᠪᠠ᠃ |