4 ᠰᠠᠷ᠎ᠠ ᠶᠢᠨ 15 ᠤ ᠡᠳᠦᠷ᠂ ᠺᠤᠸᠠᠯᠠ ᠯᠦᠮᠫᠦ᠋ᠷ ᠲᠤ ᠬᠦᠷᠴᠦ ᠮᠠᠯᠠᠶᠢᠰᠢᠶ᠎ᠠ ᠳᠤ ᠲᠥᠷᠥ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠲᠠᠰᠢᠷᠠᠮ ᠢᠶᠠᠷ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ︽ᠣᠳᠣᠨ ᠲᠢᠪ | ᠡᠳᠦᠷ ᠤᠨ ᠰᠣᠨᠢᠨ︾᠂ ︽ᠣᠳᠣᠨ ᠰᠣᠨᠢᠨ︾᠂ ︽ᠨᠡᠷᠡᠨ ᠭᠡᠷᠡᠯᠲᠦ ᠡᠳᠦᠷ ᠤᠨ ᠰᠣᠨᠢᠨ︾ ᠳᠤ ︽ᠳᠤᠮᠳᠠᠳᠤ | ᠮᠠᠯᠠᠶᠢᠰᠢᠶ᠎ᠠ ᠶᠢᠨ ᠨᠥᠬᠦᠷᠯᠡᠯ ᠤᠨ ᠣᠩᠭᠤᠴᠠ ᠶᠢ ᠨᠠᠩ ᠰᠠᠶᠢᠨ ᠰᠠᠶᠢᠬᠠᠨ ᠢᠷᠡᠭᠡᠳᠦᠶ ᠲᠡᠶᠢᠰᠢ ᠠᠶᠠᠯᠠᠭᠤᠯᠤᠶ᠎ᠠ︾ ᠭᠡᠬᠦ | ᠭᠠᠷᠴᠠᠭ ᠲᠠᠢ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠬᠦ ᠠᠭᠤᠯᠭ᠎ᠠ ᠨᠢ ᠳᠣᠣᠷᠠᠬᠢ ᠮᠡᠲᠦ᠄ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠤᠨ ᠣᠩᠭᠤᠴᠠ ᠶᠢ ᠨᠡᠩ ᠰᠠᠶᠢᠨ ᠰᠠᠶᠢᠬᠠᠨ ᠢᠷᠡᠭᠡᠳᠦᠶ ᠲᠡᠶᠢᠰᠢ ᠠᠶᠠᠯᠠᠭᠤᠯᠤᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠬᠠᠭᠠᠨᠲᠠᠨ ᠤ ᠤᠷᠢᠯᠭ᠎ᠠ ᠪᠠᠷ᠂ ᠪᠢ ᠮᠠᠯᠠᠶᠢᠰᠢᠶ᠎ᠠ ᠳᠤ | ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠤᠢ᠃ ᠡᠨᠡ ᠪᠣᠯ ᠮᠢᠨᠦ 12 ᠵᠢᠯ ᠤᠨ ᠲᠠᠷᠠᠭ᠎ᠠ ᠡᠨᠡ ᠬᠦ | ᠦᠵᠡᠰᠭᠦᠯᠡᠩᠲᠦ ᠰᠠᠶᠢᠬᠠᠨ ᠤᠯᠤᠰ ᠲᠤ ᠳᠠᠬᠢᠨᠲᠠ ᠠᠶᠢᠯᠴᠢᠯᠠᠬᠤ ᠶᠠᠪᠤᠳᠠᠯ ᠪᠣᠯᠤᠨ᠎ᠠ᠃ ᠮᠠᠯᠠᠶᠢᠰᠢᠶ᠎ᠠ ᠶᠢᠨ ᠰᠢᠨ᠎ᠡ | ᠬᠥᠭᠵᠢᠯᠲᠡ ᠰᠢᠨ᠎ᠡ ᠬᠤᠪᠢᠷᠠᠯᠲᠠ ᠶᠢ ᠪᠡᠶᠡᠴᠢᠯᠡᠨ ᠣᠶᠢᠯᠠᠭᠠᠵᠤ᠂ ᠮᠠᠯᠠᠶᠢᠰᠢᠶ᠎ᠠ ᠶᠢᠨ ᠨᠠᠶᠢᠵᠠ ᠨᠠᠷ ᠲᠠᠢ ᠨᠥᠬᠦᠷᠯᠡᠯ ᠢᠶᠠᠨ | ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠬᠢᠬᠦ ᠲᠤᠬᠠᠢ ᠬᠠᠮᠲᠤ ᠪᠠᠷ ᠶᠠᠷᠢᠯᠴᠠᠬᠤ ᠶᠢ ᠪᠢ ᠬᠦᠰᠡᠵᠦ ᠪᠠᠶᠢᠨ᠎ᠠ᠃ | ᠳᠤᠮᠳᠠᠳᠤ ᠤᠯᠤᠰ ᠪᠣᠯᠤᠨ ᠮᠠᠯᠠᠶᠢᠰᠢᠶ᠎ᠠ ᠪᠣᠯ ᠲᠠᠯᠠᠢ ᠲᠡᠩᠬᠢᠰ ᠠᠯᠤᠰᠯᠠᠨ ᠰᠠᠭᠤᠬᠰᠠᠨ ᠨᠥᠬᠦᠷᠰᠡᠭ ᠬᠥᠷᠰᠢ ᠤᠯᠤᠰ | ᠪᠣᠯᠤᠨ᠎ᠠ᠃ ᠳᠠᠯᠠᠢ ᠳᠡᠭᠡᠷᠡᠬᠢ ᠲᠣᠷᠭᠠᠨ ᠵᠠᠮ ᠨᠢ ᠬᠤᠶᠠᠷ ᠤᠯᠤᠰ ᠤᠨ ᠮᠢᠩᠭᠠᠨ ᠤᠨ ᠢ ᠰᠤᠨᠳᠠᠯᠠᠭᠰᠠᠨ ᠨᠥᠬᠦᠷᠰᠡᠭ | ᠶᠠᠪᠤᠯᠴᠠᠭ᠎ᠠ ᠶᠢ ᠭᠡᠷᠡᠴᠢᠯᠡᠵᠦ᠂ ︽ᠤᠰᠤ ᠶᠢ ᠲᠠᠰᠤᠯᠵᠤ ᠲᠡᠶᠢᠯᠦᠰᠢ ᠦᠭᠡᠢ︾ ᠦᠶ᠎ᠡ ᠶᠢᠨ ᠦᠶ᠎ᠡ ᠶᠢᠨ ᠨᠥᠬᠦᠷᠯᠡᠯ ᠨᠢ | ᠲᠡᠦᠬᠡ ᠶᠢᠨ ᠬᠤᠪᠢᠰᠤᠯᠲᠠ ᠶᠢ ᠳᠠᠭᠠᠯᠳᠤᠨ ᠤᠯᠠᠮ ᠠᠴᠠ ᠤᠯᠠᠮ ᠭᠦᠨ ᠵᠤᠵᠠᠭᠠᠨ ᠪᠣᠯᠵᠠᠢ᠃ 1300 ᠭᠠᠷᠤᠶ ᠵᠢᠯ ᠤᠨ | ᠡᠮᠦᠨ᠎ᠡ᠂ ᠳᠤᠮᠳᠠᠳᠤ ᠤᠯᠤᠰ ᠤᠨ ᠲᠠᠩ ᠤᠯᠤᠰ ᠤᠨ ᠦᠶ᠎ᠡ ᠶᠢᠨ ᠢ ᠵᠢᠩ ᠨᠣᠮᠴᠢ ᠲᠡᠯᠡᠶ ᠭᠠᠲᠤᠯᠵᠤ ᠨᠤᠮ ᠵᠠᠯᠠᠬᠤ ᠳᠠᠭᠠᠨ | ᠮᠠᠯᠠᠶ ᠬᠤᠶᠢᠭ ᠢᠶᠠᠷ ᠥᠩᠭᠡᠷᠡᠵᠤ ᠠᠩᠬ᠎ᠠ ᠤᠳᠠᠭ᠎ᠠ ᠥᠰᠥᠭ ᠪᠢᠴᠢᠭ ᠢᠶᠠᠷ ᠡᠷᠲᠡᠨ ᠤ ᠺᠢᠲᠨ ᠸᠠᠩᠲᠤ ᠤᠯᠤᠰ ᠤᠨ | ᠲᠡᠦᠬᠡ ᠶᠢ ᠲᠡᠮᠳᠡᠭᠯᠡᠪᠡ᠃ 600 ᠭᠠᠷᠤᠢ ᠵᠢᠯ ᠤᠨ ᠡᠮᠦᠨ᠎ᠡ᠂ ᠳᠤᠮᠳᠠᠳᠤ ᠤᠯᠤᠰ ᠤᠨ ᠮᠢᠩ ᠤᠯᠤᠰ ᠤᠨ ᠦᠶ᠎ᠡ ᠶᠢᠨ | ᠳᠠᠯᠠᠶᠢᠴᠢᠨ ᠵᠧᠩ ᠡᡁᠤ 7 ᠤᠳᠠᠭ᠎ᠠ ᠠᠯᠤᠰ ᠲᠠᠯᠠᠢ ᠪᠠᠷ ᠠᠶᠠᠯᠠᠬᠤ ᠳᠠᠭᠠᠨ ᠮᠠᠯᠠᠺᠠ ᠳᠤ 5 ᠤᠳᠠᠭ᠎ᠠ ᠠᠶᠢᠯᠴᠢᠯᠠᠵᠤ᠂ | ᠡᠩᠬᠡ ᠲᠠᠶᠢᠪᠤᠩ ᠨᠥᠬᠦᠷᠯᠡᠯ ᠤᠨ ᠦᠷ᠎ᠡ ᠶᠢ ᠰᠠᠴᠤᠵᠤ᠂ ᠮᠠᠯᠠᠺᠠ ᠶᠢᠨ ᠰᠠᠨ ᠪᠦᠦ ᠮᠢᠶᠣᠣ ᠰᠦᠮ᠎ᠡ᠂ ᠰᠠᠨ ᠪᠦᠦ ᠱᠠᠨ | ᠠᠭᠤᠯᠠ᠂ ᠰᠠᠨ ᠪᠦᠦ ᠵᠢᠩ ᠬᠤᠳᠳᠤᠭ ᠲᠤ ᠲᠤᠬᠠᠢ ᠶᠢᠨ ᠭᠠᠵᠠᠷ ᠤᠨ ᠠᠷᠠᠳ ᠲᠦᠮᠡᠨ ᠤ ᠵᠧᠩ ᠡᡁᠤ ᠶᠢᠨ ᠲᠤᠬᠠᠢ ᠭᠦᠨ | ᠮᠥᠷᠥᠭᠡᠳᠦᠯ ᠢ ᠠᠴᠢᠶᠡᠯᠡᠵᠤ ᠪᠠᠶᠢᠨ᠎ᠠ᠃ 80 ᠭᠠᠷᠤᠢ ᠵᠢᠯ ᠤᠨ ᠡᠮᠦᠨ᠎ᠡ᠂ ᠮᠠᠯᠠᠶᠢᠰᠢᠶ᠎ᠠ ᠶᠢᠨ ᠡᠮᠦᠨᠡᠲᠦ ᠲᠠᠯᠠᠢ ᠶᠢᠨ | ᠲᠤᠮᠳᠠᠳᠤ ᠶᠢᠨ ᠬᠠᠷᠢᠶᠠᠲᠤ ᠨᠠᠷ ᠤᠨ ᠮᠠᠰᠢᠨ ᠤ ᠠᠵᠢᠯᠴᠢᠳ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ | ᠡᠰᠡᠷᠭᠦᠴᠡᠬᠦ ᠲᠠᠶᠢᠨ ᠤ ᠵᠠᠩᠭᠢᠯᠠᠭ᠎ᠠ ᠶᠢᠨ ᠦᠶ᠎ᠡ ᠳᠤ ᠶᠦᠨᠨᠠᠨ ᠳᠤ ᠬᠦᠷᠴᠦ᠂ ᠶᠦᠨᠨᠠᠨ ᠪᠢᠷᠮᠠ ᠶᠢᠨ ᠵᠠᠰᠠᠮᠠᠯ ᠵᠠᠮ ᠭᠡᠬᠦ ᠡᠨᠡ | ᠬᠦ ᠠᠮᠢᠨ ᠰᠤᠳᠠᠰᠤ ᠪᠤᠯᠤᠬᠰᠠᠨ ᠵᠠᠮ ᠱᠤᠭᠤᠮ ᠢ ᠬᠠᠪᠰᠤᠷᠤᠨ ᠨᠡᠪᠲᠡᠷᠡᠭᠦᠯᠪᠡ᠃ ᠡᠳᠡᠭᠡᠷ ᠲᠠᠭᠤᠷᠢᠰᠬᠠᠯ ᠨᠢ ᠣᠳᠣ ᠪᠣᠯᠲᠠᠯ᠎ᠠ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠠᠷᠠᠳ ᠲᠦᠮᠡᠨ ᠤ ᠳᠤᠮᠳᠠ ᠥᠷᠭᠡᠨ ᠢᠶᠠᠷ ᠤᠯᠠᠮᠵᠢᠯᠠᠭᠳᠠᠭᠰᠠᠭᠠᠷ ᠪᠠᠶᠢᠨ᠎ᠠ᠃ | ᠥᠨᠥᠳᠦᠷ ᠤᠨ ᠶᠠᠪᠤᠳᠠᠯ ᠠᠴᠠ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ | ᠬᠠᠮᠲᠤ ᠪᠠᠷ ᠴᠢᠷᠮᠠᠶᠢᠵᠤ᠂ ᠡᠨᠡ ᠬᠦ ᠲᠡᠦᠬᠡ ᠶᠢᠨ ᠤᠷᠳᠤ ᠤᠷᠤᠰᠬᠠᠯ ᠲᠠᠭᠠᠵᠤ ᠠᠶᠠᠯᠠᠨ ᠢᠷᠡᠭᠰᠡᠨ ᠨᠥᠬᠦᠷᠯᠡᠯ ᠤᠨ | ᠣᠩᠭᠤᠴᠠ ᠳᠤ ᠲᠠᠬᠢᠨ ᠬᠥᠳᠡᠯᠭᠡᠬᠦ ᠬᠦᠴᠦᠨ ᠨᠡᠮᠡᠷᠢᠯᠡᠵᠦ᠂ ᠯᠠᠪᠳᠠᠭᠤᠨ ᠢᠶᠠᠷ ᠬᠤᠯᠠ ᠠᠶᠠᠯᠠᠭᠤᠯᠤᠶ᠎ᠠ᠃ | ᠪᠢᠳᠡ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠶᠢᠨ ᠤᠩᠭᠤᠴᠠᠨ ᠤ ᠵᠠᠯᠠᠭᠤᠷ ᠢ ᠪᠠᠲᠤ ᠡᠵᠡᠮᠳᠡᠶ᠎ᠡ᠃ 51 ᠵᠢᠯ ᠤᠨ | ᠡᠮᠦᠨ᠎ᠡ᠂ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠤᠳᠤᠷᠢᠳᠬᠤ ᠬᠥᠮᠦᠨ ᠬᠦᠢᠳᠡᠨ ᠲᠠᠶᠢᠨ ᠤ ᠤᠨᠢᠶᠠᠷ ᠬᠦᠳᠡᠩ ᠢ | ᠰᠢᠪᠲᠤᠯᠤᠨ ᠭᠠᠳᠠᠭᠠᠳᠤ ᠬᠠᠷᠢᠯᠴᠠᠭ᠎ᠠ ᠪᠠᠶᠢᠭᠤᠯᠬᠤ ᠪᠠᠷ ᠲᠣᠭᠲᠠᠵᠤ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠤᠳ ᠤᠨ ᠬᠠᠷᠢᠯᠴᠠᠭ᠎ᠠ ᠶᠢᠨ ᠵᠠᠮ ᠢ ᠨᠡᠭᠡᠭᠡᠪᠠ᠃ ᠬᠠᠷᠢᠯᠴᠠᠭ᠎ᠠ | ᠪᠠᠶᠢᠭᠤᠯᠤᠭᠰᠠᠨ ᠠᠴᠠ ᠨᠠᠭᠠᠰᠢ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ ᠢᠮᠠᠭᠲᠠ ᠪᠠᠶᠢᠯᠳᠤᠬᠤ ᠪᠤᠳᠤᠯᠭ᠎ᠠ ᠶᠢᠨ | ᠪᠡᠶ᠎ᠡ ᠪᠠᠨ ᠳᠠᠭᠠᠭᠠᠬᠤ ᠳᠤ ᠰᠠᠭᠤᠷᠢᠯᠠᠵᠤ᠂ ᠲᠤᠰ ᠲᠤᠰ ᠤᠨ ᠢᠶᠠᠨ ᠬᠥᠭᠵᠢᠯᠲᠡ ᠶᠢᠨ ᠵᠠᠮ ᠢ ᠬᠦᠨᠳᠦᠳᠭᠡᠵᠦ᠂ ᠨᠦᠬᠦᠭᠡ | ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ | ᠬᠠᠷᠢᠯᠴᠠᠨ ᠲᠡᠮᠵᠢᠵᠥ᠂ ᠤᠯᠤᠰ ᠪᠣᠯᠤᠨ ᠤᠯᠤᠰ ᠤᠨ ᠬᠠᠷᠢᠯᠴᠠᠨ ᠠᠮᠵᠢᠯᠲᠠ ᠤᠯᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ | ᠠᠰᠢᠭ ᠬᠦᠷᠳᠡᠬᠦ ᠬᠡᠪ ᠳᠠᠭᠤᠷᠢᠶᠠᠯ ᠢ ᠪᠤᠢ ᠪᠣᠯᠭᠠᠪᠠ᠃ 2023 ᠣᠨ ᠳᠤ᠂ ᠪᠢ ᠶᠡᠷᠦᠩᠬᠡᠢ ᠰᠠᠶᠢᠳ ᠠᠨᠸᠠᠷ ᠯᠤᠭ᠎ᠠ | ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠴᠢᠬᠤᠯᠠ | ᠬᠠᠮᠲᠤ ᠶᠢᠨ ᠲᠠᠨᠢᠯᠲᠠ ᠲᠠᠢ ᠪᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠲᠡᠦᠬᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃ | ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠨᠢᠭᠲᠠᠷᠠᠭᠤᠯᠵᠤ᠂ ᠤᠯᠤᠰ ᠲᠦᠷᠦ ᠶᠢᠨ | ᠢᠲᠡᠭᠡᠯᠴᠡᠭᠡ ᠪᠠᠨ ᠨᠡᠮᠡᠭᠳᠡᠭᠦᠯᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠥᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ | ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭ᠎ᠠ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠤᠶ᠎ᠡ᠃ | ᠪᠢᠳᠠ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠦᠶ᠎ᠡ᠃ 2024 ᠣᠨ ᠳᠤ᠂ ᠳᠤᠮᠳᠠᠳᠤ | ᠮᠠᠯᠠᠶᠢᠰᠢᠶ᠎ᠠ ᠶᠢᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2120 ᠳ᠋ᠦᠩᠰᠢᠭᠤᠷ ᠳ᠋ᠣᠯᠯᠠᠷ ᠲᠤ ᠬᠦᠷᠴᠦ᠂ ᠬᠤᠶᠠᠷ | ᠤᠯᠤᠰ ᠤᠨ ᠬᠠᠷᠢᠯᠴᠠᠭ᠎ᠠ ᠪᠠᠶᠢᠭᠤᠯᠬᠤ ᠦᠶ᠎ᠡ ᠶᠢᠨ ᠬᠢ ᠠᠴᠠ ᠮᠢᠩᠭᠠᠨ ᠲᠠᠬᠢᠨ ᠰᠢᠬᠠᠮ ᠨᠡᠮᠡᠭᠳᠡᠵᠦ᠂ ᠳᠤᠮᠳᠠᠳᠤ ᠤᠯᠤᠰ | 16 ᠵᠢᠯ ᠳᠠᠷᠠᠭᠠᠯᠠᠨ ᠮᠠᠯᠠᠶᠢᠰᠢᠶ᠎ᠠ ᠶᠢᠨ ᠨᠢᠭᠡᠳᠦᠭᠡᠷ ᠲᠤᠮᠤ ᠠᠷᠠᠯᠵᠢᠶᠠᠨ ᠤ ᠬᠠᠨᠢᠲᠠᠨ ᠪᠣᠯᠪᠠ᠃ ᠮᠠᠯᠠᠶᠢᠰᠢᠶ᠎ᠠ ᠶᠢᠨ ᠰᠢᠨ᠎ᠠ | ᠰᠤᠷᠭᠤᠭ ᠳ᠋ᠦᠷᠢᠤ ᠨᠢ ᠨᠢᠭᠡ ᠡᠳᠦᠷ ᠤᠨ ᠳᠣᠲᠣᠷ᠎ᠠ ᠵᠢᠮᠢᠰ ᠤᠨ ᠬᠦᠷᠢᠶᠡᠯᠡᠩ ᠠᠴᠠ ᠳᠤᠮᠳᠠᠳᠤ ᠤᠯᠤᠰ ᠤᠨ ᠬᠠᠮ | ᠳᠡᠯᠭᠡᠭᠦᠷ ᠲᠤ ᠬᠦᠷᠴᠦ ᠳᠡᠶᠢᠯᠬᠦ ᠪᠤᠯᠵᠤ᠂ ᠳᠤᠮᠳᠠᠳᠤ ᠤᠯᠤᠰ ᠤᠨ ᠠᠷᠠᠳ ᠣᠯᠠᠨ ᠳᠤ ᠮᠠᠰᠢ ᠲᠠᠭᠠᠰᠢᠶᠠᠭᠳᠠᠪᠠ᠃ | ᠮᠠᠯᠠᠶᠢᠰᠢᠶ᠎ᠠ ᠳᠤᠮᠳᠠᠳᠤ ᠤᠯᠤᠰ ᠤᠨ ᠭᠤᠸᠠᠨ ᠳ᠋ᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠨᠡᠶᠢᠳᠡ 110 | ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠦᠷᠢᠶᠡᠯᠡᠩ ᠳᠤ | ᠣᠷᠣᠬᠤ ᠲᠦᠷᠦᠯ ᠵᠦᠢᠯ ᠪᠦᠬᠦᠨ ᠢᠶᠠᠷ ᠢᠶᠠᠨ ᠪᠠᠶᠢᠭᠤᠯᠤᠭᠳᠠᠵᠤ ᠠᠰᠢᠭᠯᠠᠯᠲᠠ ᠳᠤ ᠤᠷᠤᠭᠰᠠᠨ ᠤ ᠳᠠᠷᠠᠭ᠎ᠠ ᠮᠠᠰᠢ ᠤᠯᠠᠨ | ᠤᠷᠳᠤ ᠬᠤᠭᠤᠴᠠᠭᠠᠨ ᠤ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠡᠭᠦᠳᠬᠦ ᠪᠣᠯᠤᠨ᠎ᠠ᠃ ᠬᠤᠶᠠᠷ ᠤᠯᠤᠰ ᠤᠨ | ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠬᠥᠭᠵᠢᠯᠲᠡ᠂ ᠠᠵᠤ ᠦᠢᠯᠡᠰ ᠤᠨ ᠪᠠᠯᠠ ᠣᠷᠣᠭᠤᠯᠤᠯᠲᠠ᠂ ᠵᠠᠮ | ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ | ᠳᠠᠯᠳᠠ ᠬᠦᠴᠦᠨ ᠲᠠᠰᠤᠷᠠᠯᠲᠠ ᠥᠬᠡᠶ ᠪᠠᠳᠠᠷᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠶ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠥᠲᠥᠭᠡᠨ | ᠪᠠᠶᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠠᠵᠤ ᠠᠬᠤᠶ᠂ ᠳᠠᠯᠠᠢ ᠳᠠᠩᠬᠢᠰ ᠤᠨ ᠠᠵᠤ ᠠᠬᠤᠶ᠂ | ᠵᠢᠭᠤᠯᠴᠢᠯᠠᠯ ᠤᠨ ᠠᠵᠤ ᠠᠬᠤᠶ ᠶᠢᠨ ᠬᠠᠮᠲᠤᠷᠠᠯᠴᠠᠭ᠎ᠠ ᠶᠢ ᠭᠤᠤᠯᠳᠠᠯᠭ᠎ᠠ ᠲᠠᠢ ᠠᠬᠢᠭᠤᠯᠵᠤ᠂ ᠲᠣᠰ ᠲᠣᠰ ᠤᠨ | ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠶ᠎ᠡ᠃ | ᠪᠢᠳᠡ ᠰᠣᠶᠣᠯ ᠢᠷᠭᠡᠨᠰᠢᠯ ᠤᠨ ᠰᠣᠯᠢᠯᠴᠠᠭᠠᠨ ᠤ ᠣᠩᠭᠤᠴᠠᠨ ᠤ ᠰᠡᠯᠢᠭᠦᠷ ᠢ ᠰᠠᠶᠢᠲᠤᠷ ᠰᠡᠯᠢᠶᠡ᠃ ᠳᠤᠮᠳᠠᠳᠤ ᠤᠯᠤᠰ | ᠪᠣᠯᠤᠨ ᠮᠠᠯᠠᠶᠢᠰᠢᠶ᠎ᠠ ᠬᠠᠷᠢᠯᠴᠠᠨ ᠨᠥᠭᠦᠭᠡ ᠤᠯᠤᠰ ᠤᠨ ᠢᠶᠠᠨ ᠠᠷᠠᠳ ᠢᠷᠭᠡᠨ ᠳᠤ ᠸᠢᠰᠠ ᠶᠢ ᠬᠡᠯᠲᠦᠷᠢᠭᠦᠯᠬᠦ ᠬᠠᠷᠠᠭᠠᠯᠵᠠᠯ | ᠦᠵᠡᠭᠦᠯᠪᠡ᠃ 2024 ᠣᠨ ᠳᠤ᠂ ᠬᠤᠶᠠᠷ ᠤᠯᠤᠰ ᠤᠨ ᠬᠥᠮᠦᠰ ᠤᠨ ᠶᠠᠪᠤᠯᠴᠠᠭ᠎ᠠ 600 ᠲᠦᠮᠡ ᠰᠢᠬᠠᠮ ᠬᠥᠮᠦᠨ | ᠤᠳᠠᠭ᠎ᠠ ᠳᠤ ᠬᠦᠷᠴᠦ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠡᠮᠦᠨᠡᠬᠢ | ᠲᠦᠪᠰᠢᠨ ᠠᠴᠠ ᠳᠠᠪᠠᠪᠠ᠃ ︽ᠮᠠᠯᠠᠶᠢᠰᠢᠶ᠎ᠠ ᠪᠤᠯ ᠠᠽᠢᠶ᠎ᠠ ᠲᠢᠪ ᠤᠨ ᠭᠠᠶᠢᠬᠠᠮᠰᠢᠭ︾ ᠭᠡᠬᠦ ᠵᠠᠷ ᠨᠢ ᠮᠠᠯᠠᠶᠢᠰᠢᠶ᠎ᠠ ᠶᠢᠨ | ᠰᠣᠶᠣᠯ᠂ ᠲᠡᠦᠬᠡ᠂ ᠦᠵᠡᠮᠵᠢ ᠶᠢᠨ ᠥᠪᠡᠷᠮᠢᠴᠡ ᠭᠠᠶᠢᠬᠠᠮᠰᠢᠭ ᠢ ᠬᠠᠷᠠᠭᠤᠯᠵᠤ᠂ ᠮᠠᠰᠢ ᠤᠯᠠᠨ ᠳᠤᠮᠳᠠᠳᠤ ᠤᠯᠤᠰ ᠤᠨ | ᠵᠢᠭᠤᠯᠴᠢᠯᠠᠭᠰᠠᠳ ᠢ ᠲᠠᠲᠠᠵᠤ ᠵᠢᠭᠤᠯᠴᠢᠯᠠᠨ ᠲᠣᠭᠤᠷᠢᠬᠤ ᠶᠢ ᠲᠠᠶᠢᠴᠢᠯᠠᠪᠠ᠃ ᠡᠭᠦᠨ ᠤ ᠬᠠᠮᠲᠤ᠂ ᠨᠡᠩ ᠤᠯᠠᠨ | ᠮᠠᠯᠠᠶᠢᠰᠢᠶ᠎ᠠ ᠶᠢᠨ ᠵᠢᠭᠤᠯᠴᠢᠯᠠᠭᠰᠠᠳ ᠳᠤᠮᠳᠠᠳᠤ ᠤᠯᠤᠰ ᠲᠤ ᠠᠶᠢᠯᠴᠢᠯᠠᠵᠤ᠂ ᠡᠯᠪᠡᠭ ᠪᠠᠶᠠᠯᠢᠭ ︽ᠡᠷᠲᠡᠨ ᠤ ᠬᠡᠪ ᠨᠠᠮᠪᠠ︾ | ᠪᠠ ᠦᠡᠭᠭᠡ ᠢᠯᠭᠠᠷᠠᠭᠰᠠᠨ ︽ᠤᠳᠤ ᠴᠠᠭ ᠤᠨ ᠤᠷᠤᠰᠬᠠᠯ︾ ᠢ ᠣᠶᠢᠯᠠᠭᠠᠨ ᠮᠡᠳᠡᠷᠡᠵᠦ ᠪᠠᠶᠢᠨ᠎ᠠ᠃ ᠳᠤᠮᠳᠠᠳᠤ ᠮᠠᠯᠠᠶᠢᠰᠢᠶ᠎ᠠ | ᠬᠤᠶᠠᠷ ᠤᠯᠤᠰ ᠤᠨ ᠠᠷᠠᠳ ᠲᠦᠮᠡᠨ ᠲᠦᠷᠦᠯ ᠰᠠᠳᠤᠨ ᠰᠢᠭ ᠢᠶᠠᠷ ᠦᠷᠭᠦᠯᠵᠢ ᠶᠠᠪᠤᠯᠴᠠᠵᠤ᠂ ᠰᠣᠶᠣᠯ ᠢᠷᠭᠡᠨᠰᠢᠯ ᠤᠨ | ᠰᠣᠯᠢᠯᠴᠠᠭ᠎ᠠ ᠪᠣᠯᠤᠨ ᠪᠣᠯᠪᠠᠰᠤᠨ ᠢᠶᠠᠨ ᠬᠠᠷᠢᠯᠴᠠᠨ ᠲᠤᠯᠢ ᠪᠤᠯᠭᠠᠬᠤ ᠶᠢ ᠠᠬᠢᠭᠤᠯᠵᠤ᠂ ᠬᠠᠷᠢᠯᠴᠠᠨ ᠢᠯᠠᠩᠭᠤᠶ᠎ᠠ ᠵᠠᠯᠠᠭᠤ | ᠨᠢᠭᠡ ᠦᠶ᠎ᠡ ᠶᠢᠨ ᠬᠢᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠤᠶ᠎ᠠ᠃ | ᠪᠢᠳᠡ ᠣᠯᠠᠨ ᠲᠠᠯ᠎ᠠ ᠶᠢᠨ ᠬᠠᠮᠵᠢᠯᠴᠠᠭ᠎ᠠ ᠶᠢᠨ ᠳᠠᠷᠪᠠᠭᠤᠯ ᠢ ᠬᠡᠶᠢᠰᠭᠡᠶᠡ᠃ ᠳᠤᠮᠳᠠᠳᠤ ᠮᠠᠯᠠᠶᠢᠰᠢᠶ᠎ᠠ ᠬᠤᠶᠠᠷ ᠤᠯᠤᠰ | ᠴᠥᠮ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠬᠤᠯᠠ ᠬᠥᠭᠵᠢᠵᠦ ᠪᠠᠶᠢᠭ᠎ᠠ ᠤᠯᠤᠰ᠂ ᠰᠢᠨ᠎ᠡ ᠪᠠᠷ ᠮᠠᠨᠳᠤᠭᠰᠠᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠴᠣᠭᠴᠠ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ | ᠪᠦᠷᠢᠯᠳᠦᠬᠦᠨ ᠮᠥᠨ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠨᠡᠭᠡᠭᠡᠯᠲᠡᠲᠡᠢ ᠪᠠᠭᠲᠠᠭᠠᠮᠵᠢᠲᠠᠢ | ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠵᠣᠭᠰᠣᠯᠲᠠ ᠡᠳᠠᠯᠢᠪᠳᠤᠷ᠂ ᠵᠡᠭᠦᠨ ᠠᠽᠢᠶ᠎ᠠ ᠶᠢᠨ ᠬᠠᠮᠲᠤᠷᠠᠯᠴᠠᠭ᠎ᠠ᠂ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠪᠣᠷᠣ ᠲᠥᠯᠥᠪ ᠤᠨ ᠳᠣᠲᠣᠷ᠎ᠠ ᠨᠢᠭᠲᠠ ᠬᠠᠮᠵᠢᠯᠴᠠᠪᠠ᠃ ᠳᠤᠮᠳᠠᠳᠤ ᠤᠯᠤᠰ | ᠮᠠᠯᠠᠶᠢᠰᠢᠶ᠎ᠠ ᠶᠢᠨ ᠠᠯᠳᠠᠨ ᠲᠣᠭᠤᠰᠭ᠎ᠠ ᠤᠯᠤᠰ ᠤᠳ ᠤᠨ ᠬᠠᠨᠢᠲᠠᠨ ᠤᠯᠤᠰ ᠪᠤᠯᠬᠤ ᠶᠢ ᠪᠠᠶᠠᠷᠯᠠᠨ ᠤᠭᠲᠤᠵᠤ ᠪᠠᠶᠢᠨ᠎ᠠ᠂ | ᠡᠨᠡ ᠨᠢ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠬᠤᠯᠪᠣᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠴᠠᠭ | ᠦᠶ᠎ᠡ ᠶᠢᠨ ᠶᠡᠭᠡ ᠬᠠᠨᠳᠤᠰᠢ ᠳᠤ ᠨᠡᠶᠢᠴᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ | ᠬᠠᠮᠠᠭᠠᠯᠠᠬᠤ ᠳᠤ ᠠᠰᠢᠭᠲᠠᠢ ᠶᠤᠮ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ | ᠳᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 80 ᠵᠢᠯ ᠤᠨ ᠣᠶ᠂ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠬᠤ ᠪᠥᠭᠡᠳ ᠪᠠᠨᠳᠥ᠋ᠩ ᠤᠨ ᠬᠤᠷᠠᠯᠳᠤᠭᠠᠨ | ᠬᠤᠷᠠᠯᠳᠤᠭᠰᠠᠨ 70 ᠵᠢᠯ ᠤᠨ ᠣᠶ ᠪᠣᠯᠤᠨ᠎ᠠ᠃ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠠᠬᠢ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠤᠨ | ᠪᠠᠨᠳᠦ᠋ᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ | ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ | ᠤᠯᠤᠰ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ | ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠠᠭᠠᠯᠠᠵᠤ᠂ | ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ | ᠨᠡᠭᠡᠭᠡᠯᠲᠡᠳᠠᠢ ᠬᠠᠮᠲᠤᠷᠠᠯᠴᠠᠭ᠎ᠠ ᠬᠢᠬᠦ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠪᠣᠯ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠭᠰᠠᠨ᠂ ᠠᠯᠳᠠᠷ | ᠭᠤᠲᠤᠮᠰᠢᠭ ᠢᠶᠠᠨ ᠬᠠᠮᠲᠤᠳᠬᠠᠭᠰᠠᠨ᠂ ᠭᠠᠰᠠᠯᠠᠩ ᠵᠤᠪᠠᠯᠠᠩ ᠢᠶᠠᠨ ᠬᠠᠮᠳᠤᠳᠬᠠᠭᠰᠠᠨ ᠬᠤᠪᠢ ᠵᠠᠶᠠᠭᠠᠨ ᠤ ᠬᠠᠮᠲᠤ ᠶᠢᠨ | ᠴᠣᠭᠴᠠ ᠮᠥᠨ᠃ ︽ᠵᠢᠷᠭᠠᠯ ᠢ ᠬᠠᠮᠳᠤᠳᠠ ᠡᠳ᠋ᠯᠡᠵᠤ ᠵᠣᠪᠠᠯᠠᠩ ᠢ ᠬᠠᠮᠲᠤᠳᠠ ᠲᠤᠭᠤᠯᠬᠤ︾ ᠪᠣᠯ ᠬᠤᠶᠠᠷ ᠤᠯᠤᠰ ᠤᠨ | ᠬᠠᠮᠲᠤ ᠶᠢᠨ ᠵᠦᠢᠷ ᠰᠡᠴᠡᠨ ᠦᠭᠡ ᠪᠠᠶᠢᠵᠤ᠂ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠦᠨᠡᠨ ᠶᠣᠰᠣ ᠶᠢ ᠢᠯᠡᠷᠡᠭᠦᠯᠪᠡ᠃ ᠬᠤᠶᠠᠷ ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ ᠵᠣᠷᠢᠭᠲᠠᠢ ᠵᠣᠭᠰᠣᠵᠤ᠂ | ᠭᠠᠪᠰᠢᠭᠠᠶᠢᠯᠠᠨ ᠲᠡᠮᠡᠴᠡᠵᠦ᠂ ᠬᠥᠭᠵᠢᠬᠰᠡᠨ᠂ ᠪᠤᠵᠠᠭᠠᠶᠢᠷᠠᠭᠰᠠᠨ᠂ ᠴᠡᠴᠡᠭᠯᠡᠨ ᠬᠥᠭᠵᠢᠬᠰᠡᠨ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠨᠡᠭᠡᠭᠡᠶ᠎ᠡ᠃ |