︽ᠡᠭᠡᠯ ᠪᠤᠷᠤᠭᠵᠢᠭᠤᠨ ᠦᠭᠡ — ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠸᠢᠶᠧᠲᠨᠠᠮ ᠬᠡᠯᠡᠨ ᠤ ᠬᠡᠪᠯᠡᠯ︶ ᠶᠢ ᠡᠬᠢᠯᠡᠨ ᠨᠡᠪᠳᠡᠷᠡᠭᠦᠯᠵᠤ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠪᠡᠯᠭᠡᠯᠡᠬᠦ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/4/17
   4 ᠰᠠᠷ᠎ᠠ ᠶᠢᠨ 14 ᠤ ᠡᠳᠦᠷ᠂ ︽ᠡᠭᠡᠯ ᠪᠤᠷᠤᠭᠵᠢᠭᠤᠨ ᠦᠭᠡ — ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠸᠢᠶᠧᠲᠨᠠᠮ ᠬᠡᠯᠡᠨ ᠤ ᠬᠡᠪᠯᠡᠯ︶ ᠶᠢ ᠸᠢᠶᠧᠲᠨᠠᠮ ᠳᠤ ᠡᠬᠢᠯᠡᠨ ᠨᠡᠪᠲᠡᠷᠡᠭᠦᠯᠪᠡ᠃ ᠲᠤᠰ ᠡᠳᠦᠷ᠂ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠣᠯᠤᠨ ᠸᠢᠶᠧᠲᠨᠠᠮ ᠤᠨ ᠲᠧᠯᠸᠢᠰ ᠬᠤᠷᠢᠶ᠎ᠠ ᠶᠢᠨ ᠬᠠᠮᠲᠤᠷᠠᠯᠴᠠᠭᠠᠨ ᠤ ᠶᠣᠰᠣᠯᠠᠯ — ᠳᠤᠮᠳᠠᠳᠤ ᠸᠢᠶᠧᠲᠨᠠᠮ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠬᠠᠨᠤᠢ ᠳᠤ ᠶᠠᠪᠤᠭᠳᠠᠪᠠ᠃   ︽ᠡᠭᠡᠯ ᠪᠤᠷᠤᠭᠵᠢᠭᠤᠨ ᠦᠭᠡ — ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠸᠢᠶᠧᠲᠨᠠᠮ ᠬᠡᠯᠡᠨ ᠤ ᠬᠡᠪᠯᠡᠯ︶ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠵᠣᠬᠢᠶᠠᠯ ᠪᠣᠯᠤᠨ ᠶᠠᠷᠢᠯᠴᠠᠭ᠎ᠠ ᠳᠤ ᠡᠰᠢᠯᠡᠨ ᠬᠡᠷᠡᠭᠯᠡᠭᠰᠡᠨ ᠳᠤᠮᠳᠠᠳᠤ ᠤᠯᠤᠰ ᠤᠨ ᠡᠷᠲᠡᠨ ᠤ ᠨᠣᠮ ᠪᠢᠴᠢᠭ ᠪᠣᠯᠤᠨ ᠰᠣᠩᠭᠤᠳᠠᠭ ᠨᠡᠷᠡᠲᠦ ᠥᠭᠦᠯᠡᠪᠦᠷᠢ ᠶᠢ ᠰᠣᠩᠭᠤᠵᠤ᠂ ᠶᠡᠷᠦᠩᠬᠡᠢ ᠱᠦᠵᠢ ᠰᠢ ᠶᠢᠨ ᠫᠢᠩ ᠤᠨ ᠭᠠᠷᠮᠠᠭᠠᠢ ᠤᠯᠤᠰ ᠲᠦᠷᠦ ᠶᠢᠨ ᠤᠶᠤᠨ ᠤᠬᠠᠭᠠᠨ᠂ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠵᠢᠴᠢ ᠥᠷᠭᠡᠨ ᠳᠡᠯᠭᠡᠷ ᠲᠡᠦᠬᠡ ᠶᠢᠨ ᠦᠵᠡᠯᠲᠡ ᠪᠣᠯᠤᠨ ᠶᠢᠷᠳᠢᠨᠴᠦ ᠶᠢᠨ ᠦᠵᠡᠯᠲᠡ ᠶᠢ ᠠᠮᠢᠳᠤᠯᠢᠭ ᠢᠶᠠᠷ ᠢᠯᠡᠷᠡᠭᠦᠯᠵᠦ᠂ ᠸᠢᠶᠧᠲᠨᠠᠮ ᠤᠨ ᠦᠵᠡᠭᠴᠢᠳ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠣᠶᠣᠯ ᠤᠨ ᠡᠬᠢ ᠰᠤᠷᠪᠤᠯᠵᠢ ᠶᠢ ᠳᠡᠯᠭᠡᠨ ᠦᠵᠡᠭᠦᠯᠦᠨ᠎ᠠ᠃   ᠲᠤᠬᠠᠢ ᠶᠢᠨ ᠲᠠᠯᠠᠪᠠᠢ ᠳᠤ ᠪᠠᠰᠠ ︽ᠳᠤᠮᠳᠠᠳᠤ ᠸᠢᠶᠧᠲᠨᠠᠮ ᠤᠨ ᠵᠠᠭᠤᠴᠢᠯᠠᠭᠤᠷ ᠤᠨ ᠵᠠᠯᠠᠭᠤᠴᠤᠳ ᠤᠨ ᠤᠯᠤᠰ ᠠᠯᠤᠰᠯᠠᠭᠰᠠᠨ ᠠᠶᠠᠯᠠᠯ︾ ᠤᠨ ᠠᠵᠢᠯᠯᠠᠭ᠎ᠠ ᠶᠢ ᠡᠬᠢᠯᠡᠭᠦᠯᠵᠦ᠂ ᠳᠤᠮᠳᠠᠳᠤ ᠸᠢᠶᠧᠲᠨᠠᠮ ᠤᠨ ᠵᠠᠯᠠᠭᠤ ᠰᠤᠷᠪᠤᠯᠵᠢᠯᠠᠭᠴᠢ ᠭᠤᠸᠠᠩᠰᠢ᠂ ᠶᠦᠨᠨᠠᠨ᠂ ᠬᠤᠪᠸᠢ᠂ ᠲᠢᠶᠠᠨᠵᠢᠨ ᠵᠡᠷᠭᠡ ᠭᠠᠵᠠᠷ ᠢᠶᠠᠷ ᠬᠦᠷᠴᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠯ ᠬᠠᠯᠠᠭᠤᠨ ᠦᠢᠯᠡᠳᠦᠯᠭᠡ ᠪᠣᠯᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠰᠦᠷ ᠳᠠᠯᠠᠶᠢᠴᠠᠲᠠᠢ ᠠᠮᠢᠵᠢᠷᠠᠯ ᠤᠨ ᠬᠦᠴᠦᠨ ᠢ ᠣᠶᠢᠯᠠᠭᠠᠵᠤ᠂ ᠭᠦᠨᠵᠡᠭᠡᠢ ᠠᠵᠢᠭᠯᠠᠬᠤ ᠪᠠ ᠰᠣᠯᠢᠯᠴᠠᠬᠤ ᠳᠤᠮᠳᠠ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠳᠤᠮᠳᠠᠳᠤ ᠸᠢᠶᠤᠲᠨᠠᠮ ᠤᠨ ᠨᠥᠬᠦᠷᠯᠡᠯ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠢᠭᠲᠠᠷᠠᠭᠤᠯᠤᠨ᠎ᠠ᠃   ︵ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号