4 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠬᠤᠷᠠᠯ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ᠂ ︽ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2025 ᠣᠨ ᠤ ᠭᠤᠣᠯᠳᠠᠯᠭ᠎ᠠ ᠲᠠᠢ ᠴᠡᠭᠴᠡᠯᠡᠨ ᠵᠠᠰᠠᠬᠤ | ᠲᠥᠷᠥᠯ ᠵᠦᠢᠯ ᠤᠨ ᠠᠵᠢᠯ ᠤᠨ ᠲᠣᠭᠲᠠᠴᠠ︾᠂ 2025 ᠣᠨ ᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠲᠤᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠵᠡᠷᠭᠡ ᠬᠤᠯᠪᠣᠭᠳᠠᠯ | ᠪᠦᠬᠦᠢ ᠵᠦᠢᠯᠡᠰ ᠢ ᠰᠣᠨᠣᠰᠴᠤ ᠬᠢᠨᠠᠨ ᠵᠥᠪᠯᠡᠭᠰᠡᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢ᠊ ᠡᠶ᠎ᠡ ︵ | ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠢ ᠲᠤᠤᠱᠯᠠᠭᠤᠯᠵᠤ᠂ ᠰᠤᠷᠤᠯᠴᠠᠯᠭ᠎ᠠ ᠬᠥᠮᠦᠵᠢᠯ ᠢ ᠴᠢᠬᠤᠯᠠ | ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠴᠢᠩᠭ᠎ᠠ ᠪᠣᠳᠠᠲᠠᠢ ᠠᠷᠭ᠎ᠠ | ᠬᠡᠮᠵᠢᠶ᠎ᠡ ᠪᠠᠷ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠦᠢᠯᠡᠳᠦᠯᠭᠡ ᠶᠢᠨ | ᠰᠢᠯᠭᠠᠯᠲᠠ ᠶᠢ ᠳᠠᠭᠠᠭᠠᠵᠤ᠂ ᠣᠯᠠᠨ ᠲᠦᠮᠡᠨ ᠳᠤ ᠮᠡᠳᠡᠷᠡᠭᠳᠡᠭᠰᠡᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ | ᠬᠡᠷᠡᠭᠲᠡᠢ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠪᠣᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ᠃ ᠭᠤᠷᠪᠠᠨ | ᠵᠢᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠶᠡᠷᠦᠩᠬᠡᠢ ᠪᠠᠶᠢᠷᠢᠰᠢᠭᠤᠯᠤᠯᠲᠠ ᠶᠢ ᠦᠨᠳᠦᠰᠦᠯᠡᠨ᠂ ᠠᠷᠠᠳ | ᠲᠦᠮᠡᠨ ᠤ ᠲᠥᠯᠥᠭᠡ ᠪᠠᠶᠢᠯᠳᠤᠵᠤ᠂ ᠣᠯᠠᠨ ᠲᠦᠮᠡᠨ ᠳᠤ ᠪᠡᠶ᠎ᠡ ᠪᠠᠷ ᠢᠶᠠᠨ ᠮᠡᠳᠡᠷᠡᠭᠦᠯᠬᠦ ᠬᠠᠷᠠᠯᠲᠠ ᠡᠭᠦᠷᠭᠡ ᠶᠢ | ᠳᠣᠪᠤᠶᠢᠯᠭᠠᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ | ᠪᠠᠭᠤᠷᠠᠭᠤᠯᠬᠤ ᠦᠭᠡᠢ ᠪᠠᠶᠢᠬᠤ ᠶᠢ ᠢᠮᠠᠭᠲᠠ ᠪᠠᠲᠤᠯᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠤᠨ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠢᠯᠡᠷᠡᠭᠦᠯᠬᠦ ᠬᠡᠷᠡᠭᠲᠡᠢ᠃ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ | ᠬᠢᠨᠠᠨ ᠵᠥᠪᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ | ᠨᠡᠪᠲᠡᠷᠡᠯᠴᠡᠭᠡ ᠪᠠ ᠬᠠᠮᠵᠢᠯᠴᠠᠭ᠎ᠠ ᠪᠠᠨ ᠴᠢᠩᠭᠠᠳᠬᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠵᠢᠷᠤᠮᠵᠢᠭᠰᠠᠨ᠂ ᠬᠠᠤᠯᠢ ᠪᠠᠷ ᠵᠠᠰᠠᠬᠤ ᠠᠬᠢᠴᠠ ᠶᠢ ᠬᠠᠮᠲᠤᠪᠠᠷ | ᠠᠬᠢᠭᠤᠯᠤᠨ᠎ᠠ᠃ |