ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠪᠠ᠃ | ᠨᠣᠮ ᠤᠩᠰᠢᠬᠤ ᠠᠩᠭᠢ ᠲᠥᠪᠯᠡᠷᠡᠭᠦᠯᠦᠨ ᠰᠤᠷᠤᠯᠴᠠᠬᠤ᠂ ᠳᠠᠭᠠᠭᠤᠯᠤᠨ ᠰᠤᠷᠤᠯᠴᠠᠵᠤ ᠬᠠᠪᠰᠤᠷᠤᠨ | ᠵᠢᠯᠣᠭᠤᠳᠬᠤ ᠪᠠ ᠤᠯᠤᠯᠳᠠ ᠲᠦᠷᠦᠭᠳᠡᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ | ᠬᠡᠯᠪᠡᠷᠢ ᠶᠢ ᠠᠪᠴᠠᠢ᠃ ᠬᠤᠶᠠᠷ ᠡᠳᠦᠷ ᠤᠨ ᠬᠤᠭᠤᠴᠠᠭ᠎ᠠ ᠲᠠᠢ ᠲᠥᠪᠯᠡᠷᠡᠭᠦᠯᠦᠨ ᠰᠤᠷᠤᠯᠴᠠᠵᠤ ᠰᠤᠳᠤᠯᠤᠨ | ᠶᠠᠷᠢᠯᠴᠠᠵᠤ ᠤᠯᠤᠯᠳᠠ ᠲᠦᠷᠦᠭᠳᠡᠯ ᠢᠶᠠᠨ ᠰᠣᠯᠢᠯᠴᠠᠬᠤ ᠪᠠᠷ ᠳᠠᠮᠵᠢᠨ ᠪᠠᠶᠢᠭᠤᠯᠭ᠎ᠠ ᠶᠢᠨ ᠨᠠᠮ ᠤᠨ ᠭᠡᠰᠢᠭᠦᠨ᠂ | ᠺᠠᠳ᠋ᠷᠴᠤᠳ ᠨᠡᠶᠢᠳᠡᠮ ᠳᠡᠭᠡᠨ ᠨᠢᠭᠡ ᠤᠳᠠᠭᠠᠨ ᠤ ᠲᠥᠪ ᠴᠢᠩᠭ᠎ᠠ ᠨᠠᠮᠴᠢ ᠴᠢᠨᠠᠷ ᠤᠨ ᠬᠦᠮᠦᠵᠢᠯ ᠬᠦᠷᠳᠡᠵᠦ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ | ᠴᠢᠩᠭᠠᠳᠬᠠᠪᠠ᠃ | ᠤᠯᠤᠯᠳᠠ ᠲᠦᠷᠦᠭᠳᠡᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠪᠠᠶᠢᠭᠤᠯᠭ᠎ᠠ ᠶᠢᠨ | ᠭᠤᠤᠯ ᠤᠳᠤᠷᠢᠳᠤᠯᠭ᠎ᠠ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠳᠤ ᠤᠯᠠᠮ ᠨᠢᠭᠡ | ᠠᠯᠬᠤᠮ ᠤᠨ ᠠᠵᠢᠯ ᠤᠨ ᠱᠠᠭᠠᠷᠳᠠᠯᠭ᠎ᠠ ᠳᠤᠷᠠᠳᠴᠤ᠂ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠢᠨ ᠤᠯᠤᠰ ᠲᠥᠷᠥ ᠪᠠ ᠪᠥᠬᠦ ᠲᠠᠯ᠎ᠠ ᠶᠢᠨ ᠦᠨᠳᠦᠷᠴᠡ ᠠᠴᠠ ᠰᠤᠷᠤᠯᠴᠠᠯᠭ᠎ᠠ ᠬᠥᠮᠦᠵᠢᠯ ᠢ | ᠵᠤᠬᠢᠶᠠᠨ ᠪᠠᠶᠢᠭᠤᠯᠬᠤ ᠪᠠ ᠤᠷᠤᠯᠴᠠᠬᠤ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠶ᠃ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ | ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠴᠠᠭ ᠲᠤᠬᠠᠢ ᠳᠤᠨᠢ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠶ ᠲᠥᠯᠥᠪᠯᠡᠨ ᠵᠣᠬᠢᠶᠠᠨ | ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠪᠠᠶᠢᠩᠭᠤ ᠶᠢᠨ ᠬᠤᠷᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠤᠯᠴᠠᠬᠤ ᠪᠠᠶᠢᠴᠠᠭᠠᠬᠤ | ᠵᠠᠯᠠᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ | ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ |