ᠡᠨᠡ ᠳᠥᠷᠪᠡᠨ ᠵᠦᠢᠯ ᠠᠴᠠ ᠠᠪᠤᠭᠠᠳ ᠬᠡᠯᠡᠭᠰᠡᠨ ᠴᠤ ᠡᠮᠡᠭᠲᠡᠶᠢᠴᠦᠳ ᠢᠯᠡᠭᠦᠬᠡᠨ ᠮᠢᠬ᠎ᠠ ᠢᠳᠡᠭᠡᠷᠡᠢ︕
ᠨᠡᠶᠢᠲᠡᠯᠡᠭᠰᠡᠨ ᠴᠠᠭ᠄
2025/4/21
   ᠡᠷᠡᠭᠦᠯ ᠮᠡᠨᠳᠦ ᠶᠢᠨ ᠡᠭᠦᠳᠡᠨ ᠠᠴᠠ ᠪᠤᠳᠤᠯᠬᠢᠯᠡᠨ ᠡᠮᠡᠭᠲᠡᠶ ᠨᠠᠶᠢᠵᠠ ᠨᠠᠷ ᠲᠤ ᠢᠯᠡᠭᠦᠬᠡᠨ ᠮᠢᠬ᠎ᠠ ᠢᠳᠡ ᠭᠡᠵᠦ ᠰᠠᠨᠠᠭᠤᠯᠤᠶ᠎ᠠ︕ ᠡᠮᠡᠭᠲᠡᠶᠢᠴᠦᠳ ᠮᠢᠬ᠎ᠠ ᠠᠷᠪᠢᠨ ᠢᠳᠡᠪᠡᠯ ᠡᠳᠡᠭᠡᠷ ᠰᠠᠶᠢᠨ ᠲᠠᠯ᠎ᠠ ᠲᠠᠢ 1. ᠡᠮᠡᠭᠲᠡᠶᠢᠴᠦᠳ ᠨᠢ ᠡᠷᠡᠭᠲᠡᠶᠢᠴᠦᠳ ᠠᠴᠠ ᠢᠯᠡᠭᠦᠦ ᠲᠡᠮᠦᠷ ᠱᠠᠭᠠᠷᠳᠠᠳᠠᠭ᠃ ᠮᠢᠬᠠᠨ ᠤ ᠵᠦᠢᠯ ᠪᠣᠯ ᠴᠢᠰᠤᠨ ᠤᠯᠠᠭᠠᠨ ᠡᠳ᠋ ᠠᠭᠤᠯᠤᠭᠰᠠᠨ ᠲᠡᠮᠦᠷ ᠨᠡᠯᠢᠶᠡᠳ ᠡᠯᠪᠡᠭ ᠢᠳᠡᠭᠡᠨ ᠪᠣᠯᠤᠨ᠎ᠠ᠃ 2. ᠮᠢᠬ᠎ᠠ ᠢᠳᠡᠬᠦ ᠦᠭᠡᠢ ᠪᠣᠯ ᠸᠢᠲ᠋ᠠᠮᠢᠨ B 12 ᠳᠤᠲᠠᠬᠤ ᠪᠣᠯᠤᠨ᠎ᠠ᠃ ᠸᠢᠲ᠋ᠠᠮᠢᠨ B 12 ᠳᠤᠲᠠᠪᠠᠯ ᠬᠥᠮᠦᠨ ᠤ ᠮᠡᠳᠡᠷᠡᠯ ᠤᠨ ᠰᠢᠰᠲ᠋ᠧᠮ ᠳᠤ ᠠᠰᠠᠭᠤᠳᠠᠯ ᠭᠠᠷᠴᠤ ᠮᠡᠳᠡᠨ᠎ᠡ᠃ 3. ᠪᠤᠯᠴᠢᠩ ᠤᠨ ᠠᠯᠳᠠᠭᠳᠠᠬᠤ ᠶᠢ ᠪᠠᠭᠠᠰᠬᠠᠨ᠎ᠠ᠃ ᠬᠡᠷᠪᠡ ᠮᠢᠬ᠎ᠠ ᠢᠳᠡᠬᠦ ᠦᠭᠡᠢ ᠪᠤᠶᠤ ᠮᠢᠬ᠎ᠠ ᠶᠢᠨ ᠵᠦᠢᠯ ᠢ ᠭᠦᠢᠴᠡᠳ ᠢᠳᠡᠬᠦ ᠦᠭᠡᠢ ᠪᠣᠯ ᠤᠭᠤᠷᠠᠭ ᠤᠨ ᠰᠢᠩᠭᠡᠭᠡᠯᠲᠡ ᠶᠢ ᠰᠢᠭᠤᠳ ᠨᠥᠯᠥᠭᠡᠯᠡᠬᠦ ᠶᠢᠨ ᠤᠯᠠᠮ ᠢᠶᠠᠷ ᠪᠤᠯᠴᠢᠩ ᠤᠨ ᠨᠡᠶᠢᠯᠡᠯᠭᠡ ᠶᠢ ᠨᠥᠯᠥᠭᠡᠯᠡᠨ᠎ᠡ᠃ 4. ᠮᠢᠬ᠎ᠠ ᠢᠳᠡᠪᠡᠯ ᠶᠠᠰᠤ ᠪᠡᠷᠲᠡᠬᠦ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠮᠢᠬᠠᠨ ᠤ ᠳᠣᠲᠣᠷᠠᠬᠢ ᠤᠭᠤᠷᠠᠭ᠂ ᠮᠠᠭᠨᠢ᠂ ᠹᠣᠰᠹᠣᠷ ᠵᠡᠷᠭᠡ ᠰᠢᠮ᠎ᠡ ᠲᠡᠵᠢᠭᠡᠯ ᠨᠢ ᠠᠷᠤᠭ ᠶᠠᠰᠤᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠠᠰᠢᠭᠲᠠᠶ᠃ ᠡᠷᠡᠭᠦᠯ ᠢᠶᠠᠷ ᠮᠢᠬ᠎ᠠ ᠢᠳᠡᠬᠦ ᠭᠤᠷᠪᠠᠨ ᠰᠠᠨᠠᠭᠤᠯᠭ᠎ᠠ 1. ᠬᠡᠮᠵᠢᠶ᠎ᠡ ᠶᠢ ᠡᠵᠡᠮᠳᠡᠬᠦ ᠨᠢ ᠮᠠᠰᠢ ᠵᠠᠩᠭᠢᠯᠠᠭ᠎ᠠ ᠪᠣᠯᠤᠨ᠎ᠠ ᠨᠠᠰᠤᠨ ᠳᠤ ᠬᠦᠷᠦᠭᠰᠡᠳ ᠡᠳᠦᠷ ᠪᠦᠷᠢ 120 ~ 200g ᠠᠮᠢᠲᠠᠨ ᠤ ᠮᠢᠬ᠎ᠠ ᠠᠭᠤᠯᠤᠬᠰᠠᠨ ᠢᠳᠡᠭᠡᠨ ᠢᠳᠡᠬᠦ ᠴᠢᠬᠤᠯᠠᠳᠠᠢ᠂ ᠲᠤᠬᠠᠶᠢᠯᠠᠪᠠᠯ ᠵᠢᠭᠠᠰᠤᠨ ᠤ ᠲᠥᠷᠥᠯ ᠢ ᠳᠤᠮᠳᠠᠴᠢ ᠪᠠᠷ 40~75g᠂ ᠮᠠᠯ ᠵᠢᠭᠦᠷᠲᠡᠨ ᠤ ᠮᠢᠬᠠᠨ ᠤ ᠲᠥᠷᠥᠯ ᠢ 40 ~75g᠂ ᠥᠨᠳᠡᠭᠡᠨ ᠤ ᠲᠥᠷᠥᠯ ᠢ 40~50g ᠢᠳᠡᠵᠦ᠂ ᠬᠠᠷᠢᠯᠴᠠᠨ ᠰᠣᠯᠢᠵᠤ ᠢᠳᠡᠵᠦ ᠪᠣᠯᠤᠨ᠎ᠠ᠃ ᠢᠯᠠᠩᠭᠤᠶ᠎ᠠ ᠤᠯᠠᠭᠠᠨ ᠢᠳᠡᠭᠡᠨ ᠢᠳᠡᠬᠦ ᠬᠡᠮᠵᠢᠶ᠎ᠡ ᠶᠢ ᠰᠠᠶᠢᠲᠤᠷ ᠬᠢᠵᠠᠭᠠᠷᠯᠠᠬᠤ ᠬᠡᠷᠡᠭᠲᠡᠶ᠂ ᠭᠠᠭ᠋ᠠᠶ ᠦᠬᠡᠷ ᠬᠤᠨᠢ ᠵᠡᠷᠭᠡ ᠮᠠᠯ ᠤᠨ ᠮᠢᠬ᠎ᠠ ᠪᠣᠯ ᠤᠯᠠᠭᠠᠨ ᠢᠳᠡᠭᠡᠨ ᠳᠤ ᠲᠣᠭᠠᠴᠠᠭᠳᠠᠨ᠎ᠠ᠃ ᠤᠷᠢᠳ ᠢᠶᠠᠷ ᠬᠠᠷ᠎ᠠ ᠮᠢᠬ᠎ᠠ ᠢᠳᠡᠵᠦ᠂ ᠵᠢᠭᠦᠷᠲᠡᠨ ᠤ ᠮᠢᠬ᠎ᠠ ᠪᠠ ᠵᠢᠭᠠᠰᠤ ᠰᠠᠮ ᠬᠢᠰᠤᠭ᠎ᠠ ᠶᠢᠨ ᠲᠥᠷᠥᠯ ᠢ ᠰᠣᠩᠭᠤᠬᠤ ᠶᠢ ᠰᠠᠨᠠᠭᠤᠯᠤᠶ᠎ᠠ᠃ 2. ᠬᠠᠭᠤᠷᠤᠯᠭ᠎ᠠ ᠬᠢᠬᠦ ᠠᠷᠭ᠎ᠠ ᠶᠢ ᠵᠥᠪ ᠰᠣᠩᠭᠤᠬᠤ ᠮᠢᠬᠠᠨ ᠤ ᠬᠠᠭᠤᠷᠤᠯᠭ᠎ᠠ ᠬᠢᠬᠦ ᠳᠡᠭᠡᠨ᠂ ᠲᠣᠰᠣ ᠪᠠᠭ᠎ᠠ ᠬᠢᠵᠦ ᠬᠠᠭᠤᠷᠬᠤ ᠠᠷᠭ᠎ᠠ ᠶᠢ ᠭᠡᠷᠡᠭᠯᠡᠭᠡᠷᠡᠢ᠃ 3. ᠪᠣᠯᠪᠠᠰᠤᠷᠠᠭᠤᠯᠤᠭᠰᠠᠨ ᠮᠢᠬᠠᠨ ᠤ ᠵᠦᠢᠯ ᠢ ᠪᠠᠭ᠎ᠠ ᠢᠳᠡ ᠤᠲᠤᠮᠠᠯ ᠮᠢᠬ᠎ᠠ᠂ ᠪᠣᠷᠴᠠ ᠮᠢᠬ᠎ᠠ᠂ ᠫᠧᠶᠢᠭᠸᠡ᠂ ᠬᠢᠮ᠎ᠠ ᠵᠡᠷᠭᠡ ᠪᠣᠯᠪᠠᠰᠤᠷᠠᠭᠤᠯᠤᠭᠰᠠᠨ ᠮᠢᠬᠠᠨ ᠤ ᠵᠦᠢᠯ ᠢ ᠪᠠᠭ᠎ᠠ ᠢᠳᠡ᠃ ᠦᠨᠡᠬᠡᠷ ᠮᠢᠬ᠎ᠠ ᠢᠳᠡᠬᠦ ᠳᠤᠷ᠎ᠠ ᠦᠭᠡᠢ ᠪᠤᠯ ᠶᠠᠭᠠᠬᠢᠬᠤ ᠪᠤᠢ︖ ᠤᠭᠤᠷᠠᠭ ᠨᠥᠬᠦᠬᠦ︔ ᠸᠢᠲ᠋ᠠᠮᠢᠨ B 12 ᠨᠥᠬᠦᠬᠦ︔ ᠲᠡᠮᠦᠷ ᠨᠥᠬᠦᠬᠦ ᠭᠡᠷᠡᠭᠳᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号