ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 18 ᠤ ᠡᠳᠦᠷ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠵᠤ | ᠠᠬᠤᠢ ᠶᠢ ᠲᠣᠭᠲᠠᠭᠤᠨ ᠪᠠᠶᠢᠯᠭᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠰᠤᠳᠤᠯᠵᠤ | ᠂ ︽3 · 15︾ ᠤ ᠦᠳᠡᠰᠢᠯᠡᠭᠡ ᠶᠢᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠬᠠᠤᠯᠢ ︵ | ᠲᠥᠰᠦᠯ︶︾ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠤ ᠡᠮᠦᠨ᠎ᠡ᠂ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠤ ᠲᠣᠳᠣᠷᠬᠠᠶᠢᠯᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠦᠴᠦᠯᠡᠨ | ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠰᠥᠷᠭᠡᠦ | ᠬᠤᠭᠤᠴᠠᠭ᠎ᠠ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠭᠠᠳᠠᠭᠠᠳᠤ | ᠠᠷᠠᠯᠵᠢᠶ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠬᠡᠷᠡᠭᠯᠡᠭᠡ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠬᠦᠴᠦᠯᠡᠨ | ᠠᠬᠢᠭᠤᠯᠵᠤ᠂ ᠪᠦᠲᠦᠴᠡ ᠶᠢ ᠰᠢᠯᠢᠳᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢ ᠬᠦᠴᠦᠷᠬᠡᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠠᠵᠤ ᠠᠬᠤᠶᠢᠯᠠᠯ ᠤᠨ ᠠᠵᠢᠯ ᠣᠯᠭᠤᠯᠲᠠ ᠶᠢ ᠢᠳᠡᠪᠬᠢᠲᠡᠢ ᠲᠣᠭᠲᠠᠪᠤᠷᠢᠵᠢᠭᠤᠯᠬᠤ ᠶᠢ | ᠵᠣᠷᠢᠭᠵᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ | ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠳᠡᠮᠵᠢᠯᠭᠡ ᠶᠢ ᠥᠷᠭᠡᠳᠬᠡᠵᠦ᠂ ᠠᠵᠢᠯ ᠣᠯᠭᠤᠯᠲᠠ ᠶᠢᠨ ᠣᠯᠠᠨ | ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠬᠥᠭᠵᠢᠯᠲᠡ ᠶᠢ | ᠲᠣᠭᠲᠠᠪᠤᠷᠢᠵᠢᠭᠤᠯᠵᠤ᠂ ᠨᠢᠭᠡ ᠦᠢᠯᠡᠰ ᠲᠤ ᠨᠢᠭᠡ ᠪᠣᠳᠣᠯᠭ᠎ᠠ ᠬᠡᠷᠡᠭᠵᠢᠭᠦᠯᠵᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ | ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠶᠢᠨ | ᠳᠣᠲᠣᠷ᠎ᠠ ᠳᠠᠬᠢᠨ ᠪᠡᠯᠡ ᠣᠷᠣᠭᠤᠯᠬᠤ ᠶᠢ ᠳᠡᠮᠵᠢᠬᠦ ᠬᠡᠷᠡᠭᠲᠡᠢ᠃ ᠨᠠᠰᠤᠵᠢᠯ ᠤᠨ ᠠᠰᠠᠷᠠᠮᠵᠢ᠂ ᠬᠥᠩᠭᠡᠵᠢᠯ᠂ ᠰᠣᠶᠣᠯ᠂ | ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ | ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠶᠡᠭᠡ ᠪᠠᠷ ᠬᠥᠭᠵᠢᠭᠡᠬᠦ ᠬᠡᠷᠡᠭᠲᠡᠢ᠃ ᠰᠲ᠋ᠣᠺ ᠤᠨ ᠵᠠᠬ᠎ᠠ | ᠳᠡᠯᠭᠡᠭᠦᠷ ᠢ ᠦᠷᠭᠦᠯᠵᠢᠯᠡᠨ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠠᠷᠭ᠎ᠠ | ᠬᠡᠮᠵᠢᠶ᠎ᠡ ᠶᠢ ᠨᠡᠶᠢᠲᠡᠯᠡᠪᠡᠯ᠂ ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠦᠷᠴᠦ᠂ ᠨᠠᠶᠢᠳᠠᠪᠤᠷᠢᠵᠢᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ᠂ ︽3 · 15︾ ᠤ ᠦᠳᠡᠰᠢᠯᠡᠭᠡ ᠨᠢ ᠠᠰᠠᠭᠤᠳᠠᠯ ᠢ ᠰᠢᠢᠳᠪᠦᠷᠢᠯᠡᠬᠦ ᠠᠵᠢᠯ ᠨᠢᠭᠡᠨᠲᠡ ᠱᠠᠲᠤᠴᠢ | ᠴᠢᠨᠠᠷᠲᠠᠢ ᠠᠬᠢᠴᠠ ᠲᠠᠢ ᠪᠣᠯᠵᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ᠂ ᠥᠩᠭᠡᠨ ᠲᠠᠯ᠎ᠠ ᠪᠠ | ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠤᠨ ᠤᠷᠢᠳᠴᠢᠯᠠᠨ | ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠦᠨ | ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠬᠡᠯᠬᠢᠶ᠎ᠡ ᠶᠢᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠬᠡᠵᠦ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ | ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠦᠨᠳᠦᠰᠦᠨ ᠱᠠᠲᠤᠨ ᠤ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠ ᠬᠢᠨᠠᠨ ᠬᠠᠮᠢᠶᠠᠷᠬᠤ ᠬᠦᠴᠦᠨ ᠤ ᠳᠣᠷᠣᠭᠰᠢ ᠪᠠᠭᠤᠬᠤ ᠶᠢ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠢ ᠬᠡᠷᠡᠭᠯᠡᠬᠦ ᠶᠢ ᠴᠢᠬᠤᠯᠠᠴᠢᠯᠠᠵᠤ᠂ ᠬᠢᠨᠠᠯᠲᠠ ᠬᠠᠮᠢᠶᠠᠷᠤᠯᠲᠠ ᠶᠢᠨ ᠤᠷᠢᠳᠴᠢᠯᠠᠨ ᠮᠡᠳᠡᠬᠦ ᠴᠢᠨᠠᠷ᠂ ᠣᠨᠣᠪᠴᠢᠲᠤ | ᠴᠢᠨᠠᠷ ᠪᠠ ᠴᠠᠭ ᠬᠤᠭᠤᠴᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠨᠡᠪᠲᠡᠯᠭᠡ ᠮᠠᠶᠢᠭ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ᠃ | ᠬᠤᠷᠠᠯ ᠠᠴᠠ ᠪᠦᠭᠦᠲᠠ ᠨᠠᠶᠢᠷᠠᠮᠳᠠᠬᠤ ᠳᠣᠮᠲᠠᠳ᠋ᠪ ᠠᠷᠠᠳ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠬᠠᠤᠯᠢ | ᠲᠥᠰᠦᠯ ᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ᠂ ᠲᠥᠰᠦᠯ ᠢ ᠪᠦᠭᠦ ᠤᠯᠤᠰ ᠤᠨ ᠠᠷᠠᠳ ᠤᠨ | ᠳᠦᠯᠣᠭᠡᠯᠠᠭᠴᠢᠣᠠ ᠤᠨ ᠶᠡᠭᠡ ᠬᠤᠷᠠᠯ ᠤᠨ ᠪᠠᠶᠢᠩᠭ᠍ᠪ ᠶᠢᠨ ᠬᠤᠷᠢᠶᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ | ᠲᠣᠭᠲᠠᠵᠠᠢ᠃ ᠬᠤᠷᠠᠯ ᠠᠴᠠ᠂ ᠨᠡᠶᠢᠭᠡᠮ ᠤᠨ ᠠᠪᠤᠷᠠᠨ ᠲᠤᠰᠠᠯᠠᠯᠲᠠ ᠪᠣᠯ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠠᠬᠢ | ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠮᠥᠨ᠂ ᠴᠢᠳᠠᠯ ᠤᠨ | ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠠᠪᠤᠷᠠᠨ ᠲᠤᠰᠠᠯᠠᠬᠤ ᠬᠢᠷᠢ ᠲᠦᠪᠰᠢᠨ ᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠤ ᠣᠷᠣᠯᠴᠠᠬᠤ ᠶᠢ | ᠭᠦᠢᠴᠡᠳ ᠳᠠᠶᠢᠴᠢᠯᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠬᠦᠴᠦᠷᠬᠡᠭ ᠶᠡᠭᠡ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠬᠤᠷᠠᠯ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠡᠭᠦᠯᠳᠡᠷ ᠢ | ᠬᠠᠮᠠᠭᠠᠯᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ | ᠲᠤᠰ ᠤᠳᠠᠭ᠎ᠠ ᠶᠢᠨ ᠳᠦᠷᠢᠮ ᠳᠤ ᠵᠠᠰᠠᠪᠤᠷᠢ ᠣᠷᠣᠭᠤᠯᠬᠤ ᠪᠠᠷ ᠠᠵᠠ ᠲᠣᠬᠢᠶᠠᠯ ᠪᠣᠯᠭᠠᠵᠤ᠂ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠷᠭᠤᠮᠠᠯ ᠤᠨ ᠰᠢᠨ᠎ᠡ ᠲᠥᠷᠥᠯ ᠵᠦᠢᠯ ᠤᠨ | ᠡᠷᠬᠡ ᠶᠢᠨ ᠬᠠᠮᠠᠭᠠᠯᠠᠯᠲᠠ ᠶᠢ ᠴᠢᠨᠠᠭᠰᠢᠳᠠ ᠴᠢᠩᠭᠠᠳᠬᠠᠵᠤ᠂ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠳᠤ | ᠬᠦᠴᠦᠨ ᠨᠡᠮᠡᠷᠢᠯᠡᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |