ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠭᠤᠣᠯ ᠤᠨ ᠪᠠᠶᠢᠰᠢᠩ ᠪᠠᠯᠭᠠᠰᠤ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠵᠠᠩᠭᠢᠯᠠᠭ᠎ᠠ ᠶᠢᠨ ᠴᠠᠭ | ᠬᠤᠭᠤᠴᠠᠭ᠎ᠠ ᠶᠢ ᠤᠭᠲᠤᠨ ᠠᠪᠴᠢᠷᠠᠪᠠ᠃ ᠲᠤᠲᠤᠷᠭ᠎ᠠ ᠶᠢᠨ ᠲᠠᠷᠢᠶᠠᠴᠢᠳ ᠲᠠᠷᠢᠶᠠᠯᠠᠬᠤ ᠴᠠᠭ ᠢ ᠠᠮᠵᠢᠨ᠂ ᠴᠢᠬᠢ | ᠪᠤᠶᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠢᠳᠡᠪᠬᠢᠲᠡᠢ ᠥᠷᠨᠢᠭᠦᠯᠵᠦ᠂ ᠪᠦᠬᠦ ᠵᠢᠯ ᠤᠨ | ᠠᠮᠤ ᠪᠤᠳᠠᠭᠠᠨ ᠤ ᠡᠯᠪᠡᠭ ᠬᠤᠷᠢᠶᠠᠯᠲᠠ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠪᠡ᠃ | ᠭᠤᠣᠯ ᠤᠨ ᠪᠠᠶᠢᠰᠢᠩ ᠪᠠᠯᠭᠠᠰᠤᠨ ᠤ ᠴᠠᠭᠠᠨ ᠲᠣᠯᠣᠭᠠᠢ ᠭᠠᠴᠠᠭᠠᠨ ᠤ ᠲᠤᠲᠤᠷᠭ᠎ᠠ ᠶᠢᠨ ᠲᠠᠷᠢᠶᠠᠨ ᠤ ᠠᠶᠢᠯ ᠳᠤ | ᠂ ᠮᠥᠷ ᠮᠥᠷ ᠬᠥᠬᠡ ᠥᠩᠭᠡᠲᠡᠢ᠂ ᠴᠠᠭᠠᠨ ᠥᠩᠭᠡ ᠶᠢᠨ ᠲᠤᠲᠤᠷᠭ᠎ᠠ ᠶᠢᠨ ᠴᠢᠬᠢ ᠪᠤᠶᠢᠵᠢᠭᠤᠯᠬᠤ ᠰᠦᠯᠢᠶᠣᠣ | ᠬᠦᠯᠡᠮᠵᠢ ᠬᠠᠷᠠᠭᠳᠠᠨ᠎ᠠ᠃ ᠲᠠᠷᠢᠮᠠᠯ ᠤᠨ ᠡᠷᠦᠬᠡ ᠶᠤᠸᠡᠢ ᠸᠧᠨ ᠯᠦᠩ ᠤᠨ ᠭᠡᠷ ᠠᠵᠢᠯ ᠤᠨ ᠬᠤᠪᠢᠶᠠᠷᠢᠯᠠᠯ ᠨᠢ | ᠲᠣᠳᠣᠷᠬᠠᠢ ᠪᠠᠶᠢᠵᠤ᠂ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠮᠠᠰᠢᠨ ᠳᠡᠭᠡᠷ᠎ᠡ ᠰᠢᠮ᠎ᠡ ᠲᠡᠵᠢᠭᠡᠯ ᠰᠢᠷᠣᠢ | ᠪᠠ ᠲᠤᠲᠤᠷᠭ᠎ᠠ ᠶᠢᠨ ᠡᠭᠦᠯᠳᠡᠷ ᠢ ᠰᠠᠶᠢᠲᠤᠷ ᠨᠡᠮᠡᠵᠦ᠂ ᠮᠠᠰᠢᠨ ᠤ ᠠᠵᠢᠯ ᠢ ᠳᠠᠭᠠᠯᠳᠤᠨ᠂ ᠦᠷ᠎ᠡ ᠰᠠᠴᠤᠬᠤ᠂ ᠰᠢᠷᠣᠢ | ᠬᠥᠷᠪᠡᠭᠦᠯᠬᠦ ᠵᠡᠷᠭᠡ ᠠᠵᠢᠯ ᠤᠨ ᠳᠡᠰ ᠳᠠᠷᠠᠭᠠᠯᠠᠯ ᠨᠢ ᠡᠮᠬᠢ ᠵᠢᠷᠤᠮ ᠲᠠᠢ ᠶᠠᠪᠤᠭᠳᠠᠵᠤ᠂ ᠨᠢᠭᠡ ᠮᠥᠬᠦᠯᠢᠭ ᠤᠰᠤᠨ | ᠲᠤᠲᠤᠷᠭ᠎ᠠ ᠶᠢᠨ ᠦᠷ᠎ᠡ ᠶᠢᠨ ᠨᠢᠭᠲᠠᠴᠠ ᠵᠢᠭᠳᠡ ᠰᠢᠭ ᠢᠶᠠᠷ ᠴᠢᠬᠢ ᠪᠤᠶᠢᠵᠢᠭᠤᠯᠬᠤ ᠲᠠᠪᠠᠭ ᠳᠡᠭᠡᠷ᠎ᠡ ᠲᠠᠷᠬᠠᠵᠤ᠂ | ᠰᠢᠷᠣᠢ ᠬᠥᠷᠪᠡᠭᠦᠯᠬᠦ ᠮᠠᠰᠢᠨ ᠨᠢ ᠬᠥᠷᠥᠰᠥ ᠰᠢᠷᠣᠢ ᠶᠢ ᠦᠷ᠎ᠡ ᠳᠡᠭᠡᠷ᠎ᠡ ᠣᠨᠣᠪᠴᠢᠲᠠᠢ ᠳᠡᠪᠢᠰᠴᠦ᠂ ᠥᠨᠴᠥᠭ | ᠪᠤᠯᠤᠩ ᠢ ᠴᠥᠮ ᠨᠢᠭᠲᠠ ᠰᠠᠴᠤᠵᠤ᠂ ᠪᠦᠬᠦ ᠶᠠᠪᠤᠴᠠ ᠶᠢᠨ ᠮᠠᠰᠢᠨᠴᠢᠯᠠᠯᠲᠠ ᠶᠢᠨ ᠠᠵᠢᠯ ᠨᠢ ᠬᠥᠮᠦᠨ ᠤ ᠬᠦᠴᠦᠨ ᠤ | ᠥᠪᠡᠷ ᠤᠨ ᠥᠷᠲᠡᠭ ᠢ ᠶᠡᠭᠡ ᠪᠠᠷ ᠪᠠᠭᠠᠰᠬᠠᠵᠤ᠂ ᠴᠢᠬᠢ ᠪᠤᠶᠢᠵᠢᠭᠤᠯᠬᠤ ᠬᠤᠷᠳᠤᠴᠠ ᠶᠢ ᠪᠦᠲᠦᠮᠵᠢᠲᠡᠢ | ᠳᠡᠭᠡᠭᠰᠢᠯᠡᠭᠦᠯᠪᠡ᠃ | 18 ᠬᠦᠯᠡᠮᠵᠢ ᠳᠤ 30000 ᠭᠠᠷᠤᠢ ᠴᠢᠬᠢ ᠪᠤᠶᠢᠵᠢᠭᠤᠯᠵᠤ ᠳᠡᠶᠢᠯᠦᠨ᠎ᠡ᠂ ᠣᠳᠣ ᠦᠨᠳᠦᠰᠦᠨ ᠴᠢᠬᠢ | ᠪᠤᠶᠢᠵᠢᠭᠤᠯᠵᠤ ᠪᠠᠶᠢᠨ᠎ᠠ᠃ ᠡᠨᠡ ᠵᠢᠯ 560 ᠮᠦ ᠲᠠᠷᠢ᠊ ᠡᠶ᠎ᠡ ᠲᠠᠷᠢᠬᠤ ᠪᠠᠷ ᠲᠥᠯᠥᠪᠯᠡᠵᠦ ᠪᠠᠶᠢᠨ᠎ᠠ᠂ ᠡᠨᠡ ᠵᠢᠯ | ᠰᠡᠶᠢᠠ ᠬᠤᠷᠢᠶᠠᠯᠲᠠ ᠣᠯᠬᠤ ᠶᠢ ᠬᠦᠰᠡᠵᠦ ᠪᠠᠶᠢᠨ᠎ᠠ᠃︾ ᠲᠠᠷᠢᠮᠠᠯ ᠤᠨ ᠡᠷᠦᠬᠡ ᠶᠤᠸᠡᠢ ᠸᠧᠨ ᠯᠦᠩ ᠦᠭᠡ ᠪᠠᠷ | ᠳᠠᠮᠵᠢᠨ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠢᠶᠠᠷ ᠪᠢᠯᠬᠠᠨ᠎ᠠ᠃ ᠤᠰᠤᠨ ᠲᠤᠲᠤᠷᠭ᠎ᠠ ᠶᠢ | ᠮᠠᠰᠢᠨᠴᠢᠯᠠᠯᠲᠠ ᠪᠠᠷ ᠴᠢᠬᠢ ᠪᠤᠶᠢᠵᠢᠭᠤᠯᠬᠤ ᠶᠢ ᠬᠡᠷᠡᠭᠯᠡᠵᠦ᠂ ᠴᠠᠭ ᠠᠷᠪᠢᠯᠠᠵᠤ᠂ ᠬᠥᠷᠥᠰᠥ ᠶᠢ ᠠᠷᠪᠢᠯᠠᠵᠤ᠂ ᠲᠠᠷᠢᠶᠠᠨ | ᠦᠷ᠎ᠡ ᠶᠢ ᠠᠷᠪᠢᠯᠠᠬᠤ ᠪᠠᠷ ᠪᠠᠷᠠᠬᠤ ᠦᠭᠡᠢ᠂ ᠬᠠᠮᠢᠶᠠᠷᠬᠤ ᠳᠤ ᠴᠤ ᠲᠦᠬᠦᠮ ᠪᠠᠶᠢᠵᠤ᠂ ᠪᠣᠷᠳᠣᠭᠤᠷ᠂ ᠤᠰᠤ᠂ | ᠡᠮ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠶᠡᠭᠡ ᠪᠠᠷ ᠴᠢᠩᠭᠠᠳᠬᠠᠵᠤ᠂ ᠬᠡᠷᠡᠭᠯᠡᠬᠦ ᠬᠡᠮᠵᠢᠶ᠎ᠡ ᠶᠢ ᠪᠠᠭᠠᠰᠬᠠᠨ᠂ | ᠪᠤᠶᠢᠵᠢᠭᠤᠯᠵᠤ ᠭᠠᠷᠭᠠᠭᠰᠠᠨ ᠴᠢᠬᠢ ᠶᠢ ᠨᠠᠩ ᠴᠢᠭᠢᠷᠠᠭᠵᠢᠭᠤᠯᠵᠤ᠂ ᠰᠥᠷᠬᠦ ᠴᠢᠨᠠᠷ ᠢᠶᠠᠷ ᠴᠢᠩᠭ᠎ᠠ ᠪᠣᠯᠭᠠᠵᠤ᠂ | ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠶᠢ ᠪᠦᠲᠦᠮᠵᠢᠲᠡᠢ ᠪᠠᠭᠠᠰᠬᠠᠵᠤ᠂ ᠤᠰᠤᠨ ᠲᠤᠲᠤᠷᠭ᠎ᠠ ᠶᠢᠨ ᠤᠨᠠᠯᠲᠠ | ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠠᠷᠢᠮᠠᠯ ᠤᠨ ᠡᠷᠦᠬᠡ ᠴᠧᠩ ᠪᠦᠦ ᠱᠠᠨ ᠲᠤᠲᠤᠷᠭ᠎ᠠ ᠶᠢᠨ ᠴᠢᠬᠢ ᠶᠢᠨ | ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠴᠠᠭᠠᠨ ᠲᠣᠯᠣᠭᠠᠢ ᠭᠠᠴᠠᠭᠠᠨ ᠤ ᠲᠤᠲᠤᠷᠭᠠᠨ ᠲᠠᠷᠢᠶᠠᠨ ᠤ | ᠠᠶᠢᠯ ᠡᠷᠦᠬᠡ ᠴᠧᠩ ᠪᠦᠦ ᠱᠠᠨ ᠡᠨᠡ ᠵᠢᠯ 11 ᠬᠦᠯᠡᠮᠵᠢ ᠳᠤ ᠴᠢᠬᠢ ᠪᠤᠶᠢᠵᠢᠭᠤᠯᠵᠤ᠂ ᠬᠠᠮᠤᠭ ᠤᠨ ᠰᠢᠨ᠎ᠡ ᠠᠦ᠋ᠲ᠋ᠣ᠋ | ᠴᠢᠬᠢ ᠪᠤᠶᠢᠵᠢᠭᠤᠯᠬᠤ ᠮᠠᠰᠢᠨ ᠢ ᠬᠡᠷᠡᠭᠯᠡᠵᠦ᠂ 4 ᠰᠠᠷ᠎ᠠ ᠶᠢᠨ ᠡᠬᠢ ᠪᠠᠷ ᠰᠠᠴᠤᠬᠤ ᠦᠷ᠎ᠡ ᠨᠢ ᠣᠳᠣ ᠨᠢᠭᠡᠨᠲᠡ | ᠰᠢᠷᠣᠢ ᠤᠷᠤᠰᠤᠨ ᠭᠠᠷᠴᠤ᠂ ᠢᠭᠴᠤ ᠰᠠᠬᠤᠯᠢᠭ ᠪᠣᠯᠵᠣ᠂ ᠬᠦᠯᠡᠮᠵᠢ ᠳᠤ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ | ︽ᠡᠨᠡ ᠵᠢᠯ 11 ᠰᠠᠭᠤᠷᠢ ᠬᠦᠯᠡᠮᠵᠢ ᠳᠤ ᠴᠢᠬᠢ ᠪᠤᠶᠢᠵᠢᠭᠤᠯᠵᠤ᠂ ᠴᠢᠬᠢ ᠪᠤᠶᠢᠵᠢᠭᠤᠯᠬᠤ ᠠᠦ᠋ᠲ᠋ᠣ᠋ ᠮᠠᠰᠢᠨ ᠳᠤ | ᠬᠡᠷᠡᠭᠯᠡᠵᠦ᠂ ᠦᠷ᠎ᠡ ᠪᠦᠲᠦᠮᠵᠢ ᠪᠠᠷ ᠥᠨᠳᠥᠷ᠂ ᠲᠠᠷᠢᠵᠤ ᠬᠥᠷᠥᠰᠥ ᠶᠢ ᠪᠦᠷᠬᠦᠭᠰᠡᠨ ᠨᠢ ᠵᠥᠪᠬᠡᠨ ᠬᠤᠶᠠᠷ ᠡᠳᠦᠷ | ᠯᠡ ᠵᠠᠷᠤᠵᠤ ᠳᠡᠶᠢᠯᠦᠨ᠎ᠡ᠃ ᠣᠳᠣ ᠴᠢᠬᠢ ᠨᠢᠭᠡᠨᠲᠡ ᠤᠷᠭᠤᠵᠤ᠂ ᠤᠷᠭᠤᠴᠠ ᠨᠢ ᠴᠤ ᠰᠠᠶᠢᠨ ᠪᠠᠶᠢᠨ᠎ᠠ︾ ᠭᠡᠵᠦ | ᠬᠡᠯᠡᠪᠡ᠃ ᠲᠠᠷᠢᠮᠠᠯ ᠤᠨ ᠡᠷᠦᠬᠡ ᠴᠧᠩ ᠪᠦᠦ ᠱᠠᠨ ᠬᠡᠯᠡᠪᠡ᠃ ᠴᠠᠭᠠᠨ ᠲᠣᠯᠣᠭᠠᠢ ᠭᠠᠴᠠᠭᠠᠨ ᠤ ᠬᠥᠷᠥᠰᠥ ᠰᠢᠷᠣᠢ | ᠥᠩ ᠰᠢᠮᠡᠯᠢᠭ᠂ ᠤᠰᠤᠨ ᠲᠤᠲᠤᠷᠭ᠎ᠠ ᠤᠷᠭᠤᠬᠤ ᠳᠤ ᠳᠣᠭᠢᠷᠠᠨ᠎ᠠ᠂ ᠡᠶᠢᠮᠦ ᠠᠴᠠ ᠤᠰᠤᠨ ᠲᠤᠲᠤᠷᠭ᠎ᠠ ᠲᠠᠷᠢᠬᠤ ᠨᠢ | ᠭᠠᠴᠠᠭᠠᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠭᠤᠣᠯ ᠠᠷᠭ᠎ᠠ ᠬᠡᠯᠪᠡᠷᠢ ᠮᠥᠨ᠂ ᠭᠠᠴᠠᠭᠠᠨ ᠤ | ᠤᠰᠤᠨ ᠲᠤᠲᠤᠷᠭ᠎ᠠ ᠲᠠᠷᠢᠬᠤ ᠲᠠᠯᠠᠪᠠᠢ ᠨᠢ 10448 ᠮᠥ ᠪᠣᠯᠤᠨ᠎ᠠ᠃ | ︽ᠤᠰᠤᠨ ᠲᠤᠲᠤᠷᠭ᠎ᠠ ᠪᠣᠯ ᠮᠠᠨ ᠤ ᠲᠤᠲᠤᠷᠭ᠎ᠠ ᠶᠢᠨ ᠲᠠᠷᠢᠶᠠᠨ ᠤ ᠠᠶᠢᠯ ᠤᠨ ᠣᠨᠴᠠᠯᠢᠭᠲᠤ ᠠᠵᠤ ᠦᠢᠯᠡᠰ | ᠪᠣᠯᠤᠨ᠎ᠠ᠂ ᠦᠨᠳᠦᠰᠦᠨ ᠳᠡᠭᠡᠨ ᠠᠶᠢᠯ ᠪᠣᠯᠭᠠᠨ ᠴᠥᠮ ᠤᠰᠤᠨ ᠲᠤᠲᠤᠷᠭ᠎ᠠ ᠲᠠᠷᠢᠵᠤ᠂ 4 ᠰᠠᠷ᠎ᠠ ᠶᠢᠨ ᠡᠬᠢ ᠠᠴᠠ | ᠡᠬᠢᠯᠡᠨ ᠴᠢᠬᠢ ᠪᠤᠶᠢᠵᠢᠭᠤᠯᠵᠤ ᠪᠠᠶᠢᠨ᠎ᠠ᠂ ᠣᠳᠣ ᠨᠢᠭᠡᠨᠲᠡ ᠦᠨᠳᠦᠰᠦᠨ ᠳᠡᠭᠡᠨ ᠪᠡᠶᠡᠯᠡᠭᠦᠯᠵᠦ᠂ ᠪᠠᠰᠠ ᠨᠢᠭᠡ ᠰᠠᠷ᠎ᠠ | ᠪᠣᠯᠪᠠᠯ ᠴᠢᠬᠢ ᠰᠠᠭᠤᠯᠭᠠᠬᠤ ᠪᠣᠯᠤᠨ᠎ᠠ︾ ᠭᠡᠵᠦ ᠶᠠᠷᠢᠵᠤ ᠪᠠᠶᠢᠯ᠎ᠠ᠃ ᠴᠠᠭᠠᠨ ᠲᠣᠯᠣᠭᠠᠢ ᠭᠠᠴᠠᠭᠠᠨ ᠤ ᠲᠤᠲᠤᠷᠭᠠᠨ | ᠲᠠᠷᠢ᠊ ᠡᠶ᠎ᠡ ᠠᠶᠢᠯ ᠠᠢᠷ ᠲᠠ ᠸᠠᠩ ᠶᠠᠨ ᠪᠦᠸᠧ ᠬᠡᠯᠡᠪᠡ᠃ | ᠣᠶᠢᠯᠠᠭᠠᠭᠰᠠᠨ ᠢᠶᠠᠷ᠂ 2025 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠤᠰᠤᠨ | ᠲᠤᠲᠤᠷᠭ᠎ᠠ ᠶᠢᠨ ᠲᠠᠯᠠᠪᠠᠢ ᠨᠢ 9 ᠲᠦᠮᠡᠨ ᠮᠦ ᠪᠠᠶᠢᠵᠤ᠂ ᠡᠭᠦᠨ ᠳᠤ ᠭᠤᠣᠯ ᠤᠨ ᠪᠠᠶᠢᠰᠢᠩ ᠪᠠᠯᠭᠠᠰᠤ 14000 | ᠭᠠᠷᠤᠢ ᠮᠦ ᠤᠰᠤᠨ ᠲᠤᠲᠤᠷᠭ᠎ᠠ ᠲᠠᠷᠢᠬᠤ ᠪᠠᠷ ᠲᠥᠯᠥᠪᠯᠡᠵᠦ ᠪᠤᠢ᠃ |