ᠬᠠᠪᠤᠷ ᠤᠨ ᠤᠯᠠᠷᠢᠯ ᠳᠤ ᠡᠯᠡᠰᠦ ᠶᠢ ᠵᠠᠰᠠᠵᠤ ᠨᠣᠭᠤᠭᠠᠷᠠᠭᠤᠯᠤᠯᠲᠠ ᠬᠢᠨ᠎ᠡ
ᠨᠡᠶᠢᠲᠡᠯᠡᠭᠰᠡᠨ ᠴᠠᠭ᠄
2025/4/22
   ᠣᠶᠢᠷ᠎ᠠ ᠶᠢᠨ ᠡᠳᠦᠷ ᠤᠳ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠰᠢᠭᠲᠠᠢ ᠴᠠᠭ ᠲᠣᠬᠢᠶᠠᠯ ᠢ ᠠᠮᠵᠢᠨ᠂ ᠭᠤᠷᠪᠠᠨ ᠵᠦᠢᠯ ᠤᠨ ᠠᠵᠢᠯᠯᠠᠭ᠎ᠠ ᠶᠢ ᠥᠨᠳᠥᠷ ᠪᠦᠲᠦᠮᠵᠢᠲᠡᠢ ᠪᠠᠷ ᠬᠡᠷᠡᠭᠵᠢᠭᠦᠯᠵᠦ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃    ᠣᠶᠢᠷ᠎ᠠ ᠳᠤ᠂ ᠰᠤᠷᠪᠤᠯᠵᠢᠯᠠᠭᠴᠢ ᠳᠥᠷᠥᠯᠵᠢ ᠪᠠᠯᠭᠠᠰᠤᠨ ᠤ ᠲᠠᠷᠬᠠᠨ ᠠᠭᠤᠯᠠ ᠭᠠᠴᠠᠭᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠠᠵᠢᠯᠴᠢᠳ ᠶᠠᠭ ᠮᠣᠳᠣ ᠲᠠᠷᠢᠬᠤ ᠮᠠᠰᠢᠨ ᠢ ᠵᠢᠯᠣᠭᠤᠳᠤᠨ ᠨᠠᠭᠠᠰᠢ ᠴᠠᠭᠠᠰᠢ ᠰᠦᠯᠵᠢᠯᠳᠦᠵᠦ᠂ ᠮᠣᠳᠣ ᠲᠠᠷᠢᠬᠤ ᠮᠠᠰᠢᠨ ᠢᠶᠠᠷ ᠡᠯᠡᠰᠦᠷᠬᠡᠭ ᠭᠠᠵᠠᠷ ᠲᠤ ᠡᠮᠬᠢ ᠴᠡᠭᠴᠡ ᠲᠠᠢ ᠮᠣᠳᠣ ᠮᠠᠯᠲᠠᠵᠤ᠂ ᠠᠵᠢᠯᠴᠢᠳ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠨᠢᠯᠬ᠎ᠠ ᠴᠢᠬᠢ ᠶᠢ ᠠᠪᠴᠤ ᠮᠣᠳᠣᠨ ᠤ ᠨᠦᠬᠡᠨ ᠳᠤ ᠬᠢᠵᠦ᠂ ᠵᠥᠪᠬᠡᠨ ᠭᠢᠯᠠᠯᠵᠠᠭᠰᠠᠨ ᠡᠯᠡᠰᠦᠷᠬᠡᠭ ᠭᠠᠵᠠᠷ ᠲᠤ ᠨᠢᠭᠡ ᠮᠥᠷ ᠬᠠᠷᠠᠭᠳᠠᠵᠤ᠂ ᠨᠢᠭᠡ ᠬᠡᠰᠡᠭ ᠵᠤᠯᠵᠠᠭ᠎ᠠ ᠮᠣᠳᠣ ᠲᠠᠰᠤᠷᠠᠯᠲᠠ ᠦᠭᠡᠢ ᠦᠷᠭᠦᠯᠵᠢᠯᠡᠵᠦ᠂ ᠬᠠᠪᠤᠷ ᠤᠨ ᠡᠬᠢᠨ ᠤ ᠡᠯᠡᠰᠦᠷᠬᠡᠭ ᠭᠠᠵᠠᠷ ᠲᠤ ᠰᠢᠨ᠎ᠡ ᠠᠭᠤᠷ ᠠᠮᠢᠰᠬᠤᠯ ᠪᠢᠯᠬᠠᠵᠤ ᠪᠠᠶᠢᠬᠤ ᠶᠢ ᠣᠯᠵᠤ ᠬᠠᠷᠠᠪᠠ᠃    ᠲᠤᠬᠠᠢ ᠶᠢᠨ ᠲᠠᠯᠠᠪᠤᠷ ᠤᠨ ᠪᠠᠷᠢᠯᠭ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠲᠠᠷᠢᠬᠤ ᠨᠢ ᠰᠢᠨᠵᠢᠯᠡᠬᠦ ᠤᠬᠠᠭᠠᠨᠴᠢ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠮᠣᠳᠣᠨ ᠤ ᠨᠦᠬᠡ ᠶᠢᠨ ᠭᠦᠨᠴᠡ ᠪᠠ ᠥᠷᠭᠡᠴᠡ ᠶᠢ ᠴᠥᠮ ᠨᠠᠷᠢᠨ ᠨᠢᠮᠪᠠᠢ ᠲᠥᠰᠦᠭᠡᠯᠡᠨ ᠪᠣᠳᠣᠬᠤ ᠪᠠᠷ ᠳᠠᠮᠵᠢᠨ᠂ ᠴᠢᠬᠢ ᠶᠢᠨ ᠤᠰᠤ ᠵᠠᠯᠠᠬᠤ ᠪᠠ ᠤᠰᠤᠯᠠᠯᠲᠠ ᠬᠢᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠪᠣᠯ ᠮᠣᠳᠣᠨ ᠤ ᠴᠢᠬᠢ ᠶᠢᠨ ᠡᠯᠡᠰᠦᠷᠬᠡᠭ ᠭᠠᠵᠠᠷ ᠤᠨ ᠣᠷᠴᠢᠨ ᠲᠣᠭᠤᠷᠢᠨ ᠳᠤ ᠤᠷᠤᠭᠰᠢᠲᠠᠢ ᠦᠨᠳᠦᠰᠦᠯᠡᠵᠦ᠂ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠪᠣᠯᠤᠨ᠎ᠠ᠃    ᠳᠥᠷᠥᠯᠵᠢ ᠪᠠᠯᠭᠠᠰᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠠᠯᠠᠪᠠᠢ ᠨᠢ 5783 ᠮᠥ᠂ 1᠄ 1 ᠄ 1 ᠬᠡᠯᠪᠡᠷᠢ ᠪᠠᠷ ᠵᠢᠵᠢᠭ ᠨᠠᠪᠴᠢᠲᠤ ᠬᠠᠷᠭᠠᠨ᠎ᠠ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠲᠠᠷᠢᠬᠤ ᠶᠢᠨ ᠬᠠᠮᠲᠤ ᠡᠪᠡᠰᠦᠨ ᠦᠷ᠎ᠡ ︵ᠬᠢᠶᠠᠭ᠂ ᠬᠠᠷᠭᠠᠨ᠎ᠠ᠂ ᠰᠢᠷ᠎ᠠ ᠲᠠᠷᠢᠨ᠎ᠠ︶ ᠶᠢ ᠬᠤᠯᠢᠯᠳᠤᠭᠤᠯᠤᠨ ᠲᠠᠷᠢᠨ᠎ᠠ᠃    ︽ᠪᠢᠳᠡ ᠳᠥᠷᠥᠯᠵᠢ ᠪᠠᠯᠭᠠᠰᠤᠨ ᠤ ᠲᠠᠷᠬᠠᠨ ᠠᠭᠤᠯᠠ ᠭᠠᠴᠠᠭᠠᠨ ᠤ 23᠂ 38 ᠳ᠋ᠤᠭᠠᠷ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠬᠠᠷᠢᠭᠤᠴᠠᠵᠤ᠂ ᠲᠤᠷᠤᠭ ᠪᠤᠲᠠᠯᠢᠭ ᠪᠤᠲᠠᠯᠢᠭ ᠮᠣᠳᠣ ᠶᠢ ᠤᠶᠠᠯᠳᠤᠭᠤᠯᠤᠭᠰᠠᠨ ᠵᠠᠭᠪᠤᠷ ᠢᠶᠠᠷ ᠵᠠᠰᠠᠬᠤ ᠶᠢ ᠬᠠᠷᠢᠭᠤᠴᠠᠨ᠎ᠠ᠃ ᠣᠳᠣᠬᠠᠨ ᠳᠤ᠂ ᠡᠮᠦᠨᠡᠬᠢ ᠬᠤᠭᠤᠴᠠᠭᠠᠨ ᠤ ᠭᠠᠵᠠᠷ ᠰᠢᠷᠣᠢ ᠶᠢ ᠬᠦᠷᠢᠶᠡᠯᠡᠨ ᠪᠢᠲᠡᠭᠦᠮᠵᠢᠯᠡᠬᠦ ᠠᠵᠢᠯ ᠢ ᠨᠢᠭᠡᠨᠲᠡ ᠥᠷᠨᠢᠭᠦᠯᠵᠦ᠂ ᠲᠤᠰ ᠣᠷᠣᠨ ᠪᠦᠰᠡ ᠳᠤ 130 ᠮᠦ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠲᠠᠷᠢᠵᠤ᠂ ᠮᠦ ᠪᠦᠷᠢ ᠳᠤ 67 ᠰᠠᠭᠤᠷᠢ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠳᠠᠷᠢᠵᠤ᠂ 6 ᠰᠠᠷ᠎ᠠ ᠶᠢᠨ ᠡᠬᠢ ᠪᠠᠷ ᠪᠣᠷᠣᠭᠠᠨ ᠤ ᠤᠯᠠᠷᠢᠯ ᠳᠤ ᠡᠪᠡᠰᠦ ᠲᠠᠷᠢᠬᠤ ᠠᠵᠢᠯ ᠢ ᠥᠷᠨᠢᠭᠦᠯᠵᠦ᠂ 7 ᠰᠠᠷ᠎ᠠ ᠶᠢᠨ ᠰᠡᠭᠦᠯᠴᠢ ᠪᠠᠷ ᠪᠦᠬᠦ ᠲᠠᠷᠢᠮᠠᠯ ᠤᠨ ᠡᠭᠦᠷᠭᠡ ᠪᠠᠨ ᠪᠡᠶᠡᠯᠡᠭᠦᠯᠬᠦ ᠪᠠᠷ ᠲᠥᠯᠥᠪᠯᠡᠵᠦ ᠪᠤᠢ︾ ᠭᠡᠵᠡᠢ᠃ ᠲᠥᠷᠥᠯ ᠵᠦᠢᠯ ᠤᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠹᠠᠨ ᠬᠦᠢ ᠬᠡᠯᠡᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2025 ᠣᠨ ᠤ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠠᠯᠠᠪᠠᠢ 31.73 ᠲᠦᠮᠡᠨ ᠮᠦ ᠳᠤ ᠬᠦᠷᠴᠦ᠂ 10 ᠰᠤᠮᠤ ᠪᠠᠯᠭᠠᠰᠤ᠂ 75 ᠭᠠᠴᠠᠭ᠎ᠠ᠂ 489 ᠶᠡᠷᠦᠩᠬᠡᠶᠢᠯᠡᠨ ᠵᠠᠰᠠᠬᠤ ᠪᠠᠭ᠎ᠠ ᠠᠩᠭᠢ ᠳᠤ ᠬᠤᠯᠪᠣᠭᠳᠠᠨ᠎ᠠ᠃ ᠬᠥᠮᠦᠨ ᠤ ᠬᠦᠴᠦ ᠪᠠᠷ ᠡᠪᠡᠰᠦ ᠲᠠᠷᠢᠬᠤ ᠲᠠᠯᠠᠪᠠᠢ ᠶᠢ 8.45 ᠲᠦᠮᠡᠨ ᠮᠦ᠂ 23.28 ᠲᠦᠮᠡᠨ ᠮᠦ ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ ᠶᠢ ᠬᠡᠷᠡᠭᠵᠢᠭᠦᠯᠬᠦ ᠪᠠᠷ ᠲᠥᠯᠥᠪᠯᠡᠵᠦ᠂ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠤᠰᠤ ᠶᠢ ᠬᠠᠮᠠᠭᠠᠯᠠᠬᠤ ᠠᠷᠭ᠎ᠠ ᠬᠡᠮᠵᠢᠶ᠎ᠡ ᠵᠢᠴᠢ ᠢᠳᠡᠭᠳᠡᠭᠰᠡᠨ ᠭᠤᠤ ᠶᠢ ᠵᠠᠰᠠᠬᠤ 1 900 ᠮᠧᠳ᠋ᠷ ᠢ ᠪᠦᠲᠦᠭᠡᠨ ᠪᠠᠶᠢᠭᠤᠯᠤᠨ᠎ᠠ᠃    ︽ᠪᠦᠬᠦ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠶᠠᠭ ᠲᠣᠭᠲᠠᠭᠤᠨ ᠢᠶᠠᠷ ᠠᠬᠢᠵᠤ᠂ ᠣᠯᠠᠨ ᠪᠠᠷᠢᠮᠵᠢᠶᠠᠲᠤ ᠬᠡᠰᠡᠭ ᠲᠤ ᠵᠡᠷᠭᠡᠪᠡᠷ ᠠᠵᠢᠯᠯᠠᠵᠤ᠂ ᠪᠢᠳᠡ ᠭᠤᠣᠯᠳᠠᠭᠤ ᠲᠣᠷᠤᠭ ᠪᠤᠲᠠ ᠮᠣᠳᠣ ᠡᠪᠡᠰᠦ ᠶᠢ ᠤᠶᠠᠯᠳᠤᠭᠤᠯᠬᠤ᠂ ᠪᠤᠲᠠ ᠮᠣᠳᠣ ᠡᠪᠡᠰᠦ ᠶᠢ ᠤᠶᠠᠯᠳᠤᠭᠤᠯᠬᠤ ᠪᠠ ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ ᠵᠡᠷᠭᠡ ᠵᠠᠰᠠᠯᠲᠠ ᠶᠢᠨ ᠠᠷᠭ᠎ᠠ ᠬᠡᠯᠪᠡᠷᠢ ᠶᠢ ᠠᠪᠴᠤ᠂ ᠭᠠᠵᠠᠷ ᠰᠢᠷᠣᠢ ᠶᠢᠨ ᠡᠯᠡᠰᠦᠷᠬᠡᠭᠵᠢᠯ ᠤᠨ ᠬᠠᠨᠳᠤᠰᠢ ᠶᠢ ᠪᠦᠬᠦ ᠲᠠᠯ᠎ᠠ ᠪᠠᠷ ᠬᠤᠷᠢᠭᠯᠠᠵᠤ ᠪᠠᠶᠢᠨ᠎ᠠ᠃ ᠡᠭᠦᠨ ᠤ ᠬᠠᠮᠲᠤ᠂ ᠪᠢᠳᠡ ᠴᠢᠩᠭ᠎ᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠴᠢᠬᠢ ᠮᠣᠳᠣ ᠶᠢ ᠰᠣᠩᠭᠤᠬᠤ ᠠᠴᠠ ᠲᠠᠷᠢᠵᠤ ᠠᠷᠠᠴᠢᠯᠠᠨ ᠬᠠᠮᠠᠭᠠᠯᠠᠬᠤ ᠬᠦᠷᠲᠡᠯ᠎ᠡ ᠴᠥᠮ ᠲᠤᠰᠬᠠᠢ ᠮᠡᠷᠭᠡᠵᠢᠯ ᠤᠨ ᠵᠢᠯᠣᠭᠤᠳᠣᠯᠭ᠎ᠠ ᠪᠠ ᠬᠢᠨᠠᠯᠲᠠ ᠲᠠᠯᠪᠢᠵᠤ᠂ ᠤᠷᠭᠤᠮᠠᠯ ᠤᠨ ᠬᠤᠴᠢᠯᠭ᠎ᠠ ᠶᠢᠨ ᠡᠳᠡᠭᠡᠷᠡᠯᠲᠡ ᠶᠢᠨ ᠨᠣᠷᠮ᠎ᠠ ᠶᠢ ᠪᠠᠲᠤᠯᠠᠵᠤ᠂ ᠪᠦᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠬᠠᠷᠢᠭᠤᠴᠠᠯᠭᠠᠲᠠᠨ ᠪᠦᠦ ᠬᠤᠶ ᠴᠢᠦᠸᠡᠨ ᠬᠡᠯᠡᠬᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号