4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ | ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠤᠶ᠎ᠠ︾ ᠭᠡᠬᠦ ᠴᠢᠬᠤᠯᠠ ᠵᠣᠬᠢᠶᠠᠯ ᠢ | ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ | ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠪᠠᠷ ᠶᠡᠷᠦᠩᠬᠡᠢ | ᠭᠠᠷᠳᠠᠴᠠ ᠪᠤᠯᠭᠠᠵᠤ᠂ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠪᠦᠭᠦ ᠤᠯᠤᠰ ᠤᠨ ᠳᠡᠭᠡᠳᠦ ᠲᠦᠪᠰᠢᠨ ᠲᠡᠶᠢᠰᠢ | ᠤᠷᠤᠭᠰᠢᠯᠠᠬᠤ ᠶᠢ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ | ᠰᠠᠶᠢᠲᠤᠷ ᠦᠢᠯᠡᠴᠢᠯᠡᠬᠦ ᠬᠡᠷᠡᠭᠲᠡᠢ᠃ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠤᠨ ᠦᠵᠡᠯ | ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠣᠬᠢᠶᠠᠨ ᠪᠦᠲᠦᠭᠡᠬᠦ ᠶᠠᠰᠤ ᠴᠢᠨᠠᠷ ᠪᠠ | ᠡᠵᠡᠩᠨᠡᠯᠲᠡ ᠶᠢᠨ ᠦᠷ᠎ᠡ ᠠᠰᠢᠭ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢ ᠵᠣᠷᠢᠭᠵᠢᠭᠤᠯᠤᠨ ᠳᠡᠮᠵᠢᠬᠦ | ᠬᠡᠷᠡᠭᠲᠡᠢ᠃ ᠬᠤᠳᠠ ᠪᠣᠯᠣᠨ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠰᠢᠯᠢᠳᠡᠭ ᠰᠣᠶᠣᠯ ᠤᠨ ᠡᠬᠢ ᠪᠠᠶᠠᠯᠢᠭ ᠤᠨ | ᠬᠠᠩᠭᠠᠯᠭ᠎ᠠ ᠶᠢ ᠨᠡᠮᠡᠭᠳᠡᠭᠦᠯᠵᠦ᠂ ᠪᠦᠭᠦ ᠨᠡᠶᠢᠭᠡᠮ ᠤᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ᠃ | ᠤᠯᠠᠭᠠᠨᠮᠥ᠋ᠴᠢᠷ ᠵᠡᠷᠭᠡ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠡᠩᠨᠡᠭᠡ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠠᠷᠠᠳ ᠲᠤ ᠠᠰᠢᠭ ᠬᠦᠷᠲᠡᠭᠡᠵᠦ ᠠᠷᠠᠳ ᠲᠤ | ᠬᠠᠷᠠᠭᠠᠯᠵᠠᠯ ᠦᠵᠡᠭᠦᠯᠭᠦ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠵᠤ᠂ ᠥᠷᠭᠡᠨ ᠣᠯᠠᠨ ᠲᠦᠮᠡᠨ ᠳᠤ ᠨᠠᠮ ᠤᠨ | ᠠᠴᠢ ᠶᠢ ᠮᠡᠳᠡᠷᠡᠭᠦᠯᠵᠦ᠂ ᠨᠠᠮ ᠤᠨ ᠰᠠᠶᠢᠨ ᠢ ᠮᠡᠳᠡᠭᠦᠯᠬᠦ ᠬᠡᠷᠡᠭᠲᠡᠢ᠃ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ | ᠬᠠᠮᠠᠭᠠᠯᠠᠨ ᠤᠯᠠᠮᠵᠢᠯᠠᠬᠤ ᠪᠣᠯᠣᠨ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠷᠭᠢᠨ ᠲᠣᠭᠤᠷᠢᠨ ᠤ | ᠤᠯᠤᠰ ᠪᠣᠯᠣᠨ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ | ᠮᠣᠩᠭᠤᠯ ᠢᠶᠠᠷ ᠴᠣᠩᠬᠤ ᠪᠤᠯᠭᠠᠵᠤ ᠳᠤᠮᠳᠠᠳᠤ ᠤᠯᠤᠰ ᠤᠨ ᠵᠣᠷᠢᠯᠲᠠ ᠶᠢ ᠨᠡᠩ ᠰᠠᠶᠢᠲᠤᠷ ᠤᠬᠠᠭᠤᠯᠤᠨ | ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠵᠤ᠂ ᠳᠤᠮᠳᠠᠳᠤ ᠤᠯᠤᠰ ᠤᠨ ᠳᠦᠷᠢ ᠲᠥᠷᠬᠦ ᠶᠢ | ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠯᠢ ᠣᠯᠠᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠪᠠ᠃ ᠡᠯ᠎ᠡ ᠱᠠᠲᠤᠨ ᠤ ᠬᠢᠨ | ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠠᠴᠠ | ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠨᠡᠩ ᠤᠯᠠᠨ | ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ᠃ ᠲᠥᠰᠥᠯ᠂ ᠨᠠᠶᠢᠳᠠᠪᠤᠷᠢᠵᠢᠭᠤᠯᠤᠯᠲᠠ᠂ ᠱᠠᠯᠠᠪᠳᠠᠭᠤᠯᠤᠨ | ᠪᠠᠶᠢᠴᠠᠭᠠᠯᠲᠠ᠂ ᠦᠷ᠎ᠡ ᠳ᠋ᠦᠩ᠂ ᠱᠠᠩᠨᠠᠵᠤ ᠲᠣᠷᠭᠠᠬᠤ ᠠᠴᠠ ᠭᠠᠷᠳᠠᠵᠤ ᠪᠦᠭᠦ ᠬᠡᠯᠬᠢᠶ᠎ᠡ ᠪᠠᠷ ᠥᠭᠡᠷᠡᠴᠢᠯᠡᠯᠲᠡ ᠶᠢ | ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠭᠦ | ᠬᠡᠷᠡᠭᠲᠡᠢ᠃ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠥᠭᠡᠷᠡᠴᠢᠯᠡᠯᠲᠡ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠰᠢᠨ᠎ᠡ ᠬᠠᠨᠳᠤᠰᠢ ᠰᠢᠨ᠎ᠡ ᠪᠠᠶᠢᠳᠠᠯ ᠰᠢᠨ᠎ᠡ ᠡᠭᠦᠷᠭᠡ ᠳᠤ ᠰᠠᠭᠤᠷᠢᠯᠠᠨ ᠠᠯᠳᠠᠭ᠎ᠠ ᠪᠤᠷᠤᠭᠤ ᠪᠠᠨ | ᠵᠠᠯᠠᠷᠠᠭᠤᠯᠬᠤ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ | ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ | ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠪᠣᠳᠠᠲᠠᠢ ᠠᠰᠠᠭᠤᠳᠠᠯ ᠨᠤᠭᠤᠳ ᠠᠴᠠ ᠡᠬᠢᠯᠡᠨ | ᠥᠭᠡᠷᠡᠴᠢᠯᠡᠬᠦ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠭᠦᠯᠦᠨ ᠥᠭᠡᠷᠡᠴᠢᠯᠡᠯᠲᠡ ᠶᠢᠨ | ᠰᠡᠳᠬᠢᠮᠵᠢ ᠶᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ ᠪᠤᠯᠭᠠᠬᠤ ᠬᠡᠷᠡᠭᠲᠡᠢ᠃ | ᠥᠭᠡᠷᠡᠴᠢᠯᠡᠯᠲᠡ ᠶᠢᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠭᠦᠨᠵᠡᠭᠡᠢ ᠳ᠋ᠦᠩᠨᠡᠵᠦ᠂ ᠴᠠᠭ | ᠲᠤᠬᠠᠢ ᠳᠤᠨᠢ ᠳᠡᠯᠭᠡᠷᠡᠭᠦᠯᠵᠦ᠂ ᠨᠠᠩ ᠣᠯᠠᠨ ︽ᠴᠢᠬᠢ ᠮᠣᠳᠣ︾ ᠶᠢ ︽ᠣᠶ ᠰᠢᠭᠤᠢ︾ ᠪᠣᠯᠭᠠᠨ ᠬᠤᠪᠢᠷᠠᠭᠤᠯᠬᠤ | ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠰᠢᠰᠲ᠋ᠧᠮᠳᠤ ᠦᠵᠡᠯᠲᠡ ᠪᠣᠯᠣᠨ ᠪᠦᠭᠦ ᠲᠠᠯ᠎ᠠ ᠶᠢᠨ ᠦᠵᠡᠯ | ᠤᠬᠠᠮᠰᠠᠷ ᠢᠶᠠᠨ ᠨᠡᠮᠡᠭᠳᠡᠭᠦᠯᠵᠦ᠂ ᠥᠭᠡᠷᠡᠴᠢᠯᠡᠯᠲᠡ ᠶᠢᠨ ᠶᠡᠭᠡ ᠲᠠᠯ᠎ᠠ ᠳᠤ ᠤᠬᠠᠮᠰᠠᠷ ᠠᠴᠠ ᠪᠠᠨ ᠦᠢᠯᠡᠴᠢᠯᠡᠵᠦ᠂ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ | ᠰᠢᠯᠭᠠᠷᠠᠭᠤᠯᠤᠨ ᠬᠥᠬᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |