ᠣᠳᠣᠬᠠᠨ ᠳᠤ᠂ ᠶᠠᠭ ᠤᠰᠤᠨ ᠲᠤᠲᠤᠷᠭ᠎ᠠ ᠲᠠᠷᠢᠵᠤ ᠴᠢᠬᠢ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤ ᠲᠠᠷᠢᠶᠠᠯᠠᠩ ᠤᠨ ᠴᠠᠭ ᠢ | ᠠᠮᠵᠢᠨ ᠠᠳᠬᠤᠵᠤ᠂ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠦᠬᠦ ᠵᠢᠯ ᠤᠨ ᠠᠮᠤ ᠪᠤᠳᠠᠭᠠᠨ ᠤ ᠡᠯᠪᠡᠭ | ᠬᠤᠷᠢᠶᠠᠯᠲᠠ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ | ᠳᠥᠷᠥᠯᠵᠢ ᠪᠠᠯᠭᠠᠰᠤᠨ ᠤ ᠤᠯᠠᠭᠠᠨ ᠵᠦᠩ ᠭᠠᠴᠠᠭᠠᠨ ᠤ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ | ᠬᠦᠯᠡᠮᠵᠢ ᠳᠤ᠂ ᠲᠤᠲᠤᠷᠭ᠎ᠠ ᠶᠢᠨ ᠲᠠᠷᠢᠶᠠᠴᠢᠳ ᠶᠠᠭ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠮᠠᠰᠢᠨ | ᠳᠡᠭᠡᠷ᠎ᠡ ᠴᠢᠬᠢ ᠪᠤᠶᠢᠵᠢᠭᠤᠯᠵᠤ᠂ ᠰᠢᠮ᠎ᠡ ᠲᠡᠵᠢᠭᠡᠯ ᠰᠢᠷᠣᠢ ᠪᠣᠯᠤᠨ ᠲᠤᠲᠤᠷᠭ᠎ᠠ ᠶᠢᠨ ᠦᠷ᠎ᠡ ᠨᠡᠮᠡᠵᠦ ᠪᠠᠶᠢᠪᠠ᠃ | ᠴᠠᠬᠢᠯᠭᠠᠨ ᠬᠥᠳᠡᠯᠭᠡᠭᠦᠷᠲᠦ ᠴᠢᠬᠢ ᠪᠤᠶᠢᠵᠢᠭᠤᠯᠬᠤ ᠮᠠᠰᠢᠨ ᠤ ᠶᠡᠨᠳᠡᠷ ᠬᠠᠩᠭᠢᠨᠠᠬᠤ ᠶᠢ ᠳᠠᠭᠠᠯᠳᠤᠨ᠂ ᠨᠢᠭᠡ ᠨᠢᠭᠡ ᠪᠠᠷ | ᠰᠢᠷᠣᠢ ᠳᠠᠷᠢᠭᠰᠠᠨ ᠤ ᠳᠠᠷᠠᠭᠠᠬᠢ ᠴᠢᠬᠢ ᠶᠢ ᠳᠠᠮᠵᠢᠭᠤᠯᠬᠤ ᠪᠦᠰᠡ ᠠᠴᠠ ᠳᠠᠮᠵᠢᠭᠤᠯᠵᠤ᠂ ᠬᠦᠯᠡᠮᠵᠢ ᠶᠢᠨ ᠳᠣᠲᠣᠷ᠎ᠠ | ᠲᠡᠭᠰᠢᠯᠡᠭᠰᠡᠨ ᠭᠠᠵᠠᠷ ᠳᠡᠭᠡᠷ᠎ᠡ ᠲᠡᠷᠢ ᠲᠡᠭᠰᠢ ᠲᠠᠯᠪᠢᠪᠠ᠃ ᠲᠤᠲᠤᠷᠭ᠎ᠠ ᠲᠠᠷᠢᠬᠤ ᠡᠷᠦᠬᠡ ᠯᠢ ᠽᠧ ᠮᠢᠩ ᠨᠢᠭᠡᠨᠲᠡ | ᠬᠦᠯᠡᠮᠵᠢ ᠳᠤ ᠭᠤᠷᠪᠠ ᠳᠥᠷᠪᠡᠨ ᠡᠳᠦᠷ ᠶᠠᠭᠠᠷᠠᠯᠳᠤᠵᠤ᠂ ᠲᠡᠷᠡ ᠣᠯᠠᠨ ᠵᠢᠯ ᠤᠨ ᠲᠠᠷᠢᠮᠠᠯ ᠤᠨ ᠲᠤᠷᠰᠢᠯᠭ᠎ᠠ ᠪᠣᠯᠤᠨ | ᠲᠡᠷᠢᠭᠦᠨ ᠤ ᠲᠠᠷᠢᠮᠠᠯ ᠤᠨ ᠲᠥᠬᠦᠭᠡᠷᠦᠮᠵᠢ ᠶᠢ ᠬᠤᠳᠠᠯᠳᠤᠨ ᠠᠪᠴᠤ᠂ ᠥᠩᠭᠡᠷᠡᠭᠰᠡᠨ ᠵᠢᠯ ᠤᠨ ᠴᠢᠬᠢ ᠪᠤᠶᠢᠵᠢᠭᠤᠯᠬᠤ | ᠠᠬᠢᠴᠠ ᠲᠠᠢ ᠬᠠᠷᠢᠴᠠᠭᠤᠯᠪᠠᠯ᠂ ᠬᠥᠮᠦᠨ ᠤ ᠬᠦᠴᠦᠨ ᠤ ᠥᠪᠡᠷ ᠤᠨ ᠥᠷᠲᠡᠭ ᠢ ᠪᠦᠲᠦᠮᠵᠢᠲᠡᠢ ᠠᠷᠪᠢᠯᠠᠵᠤ᠂ ᠡᠨᠡ | ᠵᠢᠯ 100 ᠭᠠᠷᠤᠢ ᠮᠦ ᠭᠠᠵᠠᠷ ᠤᠨ ᠴᠢᠬᠢ ᠪᠤᠶᠢᠵᠢᠭᠤᠯᠬᠤ ᠡᠭᠦᠷᠭᠡ ᠶᠢ ᠪᠡᠶᠡᠯᠡᠭᠦᠯᠬᠦ ᠪᠣᠯᠤᠨ᠎ᠠ᠃ ︽ᠡᠨᠡ ᠵᠢᠯ | ᠪᠢᠳᠡ ᠰᠠᠶᠢᠨ ᠳᠤᠷ᠎ᠠ ᠠᠴᠠ ᠪᠠᠨ ᠴᠢᠬᠢ ᠪᠤᠶᠢᠵᠢᠭᠤᠯᠬᠤ ᠮᠠᠰᠢᠨ ᠢ ᠬᠡᠷᠡᠭᠯᠡᠭᠰᠡᠨ ᠤ ᠳᠠᠷᠠᠭ᠎ᠠ᠂ ᠴᠠᠭ ᠠᠷᠪᠢᠯᠠᠪᠠᠯ | ᠬᠥᠮᠦᠨ ᠤ ᠬᠦᠴᠦ ᠪᠠᠷ ᠠᠷᠪᠢᠯᠠᠨ᠎ᠠ᠂ ᠥᠩᠭᠡᠷᠡᠭᠰᠡᠨ ᠵᠢᠯ ᠤᠳ ᠲᠤ ᠪᠢᠳᠡ 10 ᠬᠥᠮᠦᠨ ᠠᠵᠢᠯ ᠬᠢᠵᠦ᠂ ᠨᠢᠭᠡ | ᠡᠳᠦᠷ ᠲᠤ 5000 — 7000 ᠳᠠᠪᠠᠵᠠᠢ᠃ ᠡᠨᠡ ᠵᠢᠯ ᠤᠨ ᠦᠷ᠎ᠡ ᠪᠦᠲᠦᠮᠵᠢ ᠳᠡᠭᠡᠭᠰᠢᠯᠡᠵᠦ᠂ ᠤᠷᠢᠳᠴᠢᠯᠠᠨ | ᠪᠠᠷᠢᠯᠭ᠎ᠠ ᠳᠠᠭᠤᠰᠴᠠᠢ︾ ᠭᠡᠪᠡ᠃ ᠳᠥᠷᠥᠯᠵᠢ ᠪᠠᠯᠭᠠᠰᠤᠨ ᠤ ᠤᠯᠠᠭᠠᠨ ᠳᠤᠮᠳᠠ ᠭᠠᠴᠠᠭᠠᠨ ᠤ ᠠᠷᠠᠳ ᠯᠢ ᠽᠧ | ᠮᠢᠩ ᠬᠡᠯᠡᠪᠡ᠃ | ᠳᠥᠷᠥᠯᠵᠢ ᠪᠠᠯᠭᠠᠰᠤᠨ ᠤ ᠤᠯᠠᠭᠠᠨ ᠵᠦᠩ ᠭᠠᠴᠠᠭᠠᠨ ᠤ ᠬᠥᠷᠥᠰᠥ ᠰᠢᠷᠣᠢ ᠥᠩ ᠰᠢᠮᠡᠯᠢᠭ ᠪᠣᠯᠬᠤᠷ᠂ | ᠤᠰᠤᠨ ᠲᠤᠲᠤᠷᠭ᠎ᠠ ᠲᠠᠷᠢᠬᠤ ᠳᠤ ᠲᠣᠬᠢᠷᠠᠮᠵᠢᠲᠠᠢ ᠪᠣᠯᠬᠤᠷ ᠭᠠᠴᠠᠭᠠᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠬᠦ ᠭᠤᠣᠯ ᠠᠷᠭ᠎ᠠ ᠮᠠᠶ᠋ᠢᠭ ᠪᠣᠯᠤᠨ᠎ᠠ᠃ ᠭᠠᠴᠠᠭᠠᠨ ᠤ ᠲᠤᠲᠤᠷᠭ᠎ᠠ ᠶᠢᠨ ᠴᠢᠬᠢ ᠪᠤᠶᠢᠵᠢᠭᠤᠯᠬᠤ | ᠬᠦᠯᠡᠮᠵᠢ ᠳᠤ ᠣᠳᠣ 135 ᠡᠷᠦᠬᠡ ᠪᠠᠶᠢᠵᠤ᠂ 127 ᠲᠠᠷᠢᠶᠠᠴᠢᠨ ᠡᠷᠦᠬᠡ ᠳᠤ ᠬᠤᠯᠪᠣᠭᠳᠠᠵᠤ᠂ ᠲᠠᠷᠢᠬᠤ ᠲᠠᠯᠠᠪᠠᠢ | 11000 ᠭᠠᠷᠤᠢ ᠮᠦ ᠪᠠᠶᠢᠨ᠎ᠠ᠃ ᠬᠠᠪᠤᠷ ᠤᠨ ᠳᠤᠯᠠᠭᠠᠨ 4 ᠰᠠᠷ᠎ᠠ ᠳᠤ ᠣᠷᠣᠵᠤ᠂ ᠠᠭᠠᠷ ᠤᠨ ᠳᠤᠯᠠᠭᠠᠨ | ᠨᠡᠯᠢᠶᠡᠳ ᠲᠦᠷᠭᠡᠨ ᠳᠡᠭᠡᠭᠰᠢᠯᠡᠵᠦ᠂ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠠᠵᠢᠯ ᠴᠤ ᠥᠩᠭᠡᠷᠡᠭᠰᠡᠨ | ᠵᠢᠯ ᠤᠳ ᠠᠴᠠ 10 ᠡᠳᠦᠷ ᠤᠷᠢᠳᠴᠢᠯᠠᠨ ᠶᠠᠪᠤᠭᠳᠠᠵᠤ᠂ ᠵᠢᠱᠢᠯᠲᠡ ᠪᠠᠷ 4 ᠰᠠᠷ᠎ᠠ ᠶᠢᠨ 25 ᠤ ᠡᠳᠦᠷ ᠴᠢᠬᠢ | ᠪᠤᠶᠢᠵᠢᠭᠤᠯᠬᠤ ᠶᠢ ᠳᠠᠭᠤᠰᠬᠠᠨ᠎ᠠ᠃ | ᠣᠶᠢᠯᠠᠭᠠᠭᠰᠠᠨ ᠢᠶᠠᠷ᠂ 2025 ᠣᠨ ᠳᠤ ᠳᠥᠷᠥᠯᠵᠢ ᠪᠠᠯᠭᠠᠰᠤᠨ ᠤ ᠴᠢᠬᠢ ᠪᠤᠶᠢᠵᠢᠭᠤᠯᠬᠤ ᠬᠦᠯᠡᠮᠵᠢ 355 | ᠪᠠᠶᠢᠵᠤ᠂ ᠲᠠᠷᠢᠶᠠᠴᠢᠨ ᠡᠷᠦᠬᠡ 285 ᠡᠷᠦᠭᠡ᠂ ᠤᠰᠤᠨ ᠲᠤᠲᠤᠷᠭ᠎ᠠ ᠲᠠᠷᠢᠬᠤ ᠲᠠᠯᠠᠪᠠᠢ 3.5 ᠲᠦᠮᠡᠨ ᠮᠦ | ᠬᠦᠷᠴᠡᠢ᠃ ︽ᠡᠨᠡ ᠬᠦ ᠰᠠᠷᠠᠪᠴᠢᠨ ᠳᠤ ᠨᠢᠭᠡ ᠰᠠᠷ᠎ᠠ 45 ᠡᠳᠦᠷ ᠴᠢᠬᠢ ᠪᠤᠶᠢᠵᠢᠭᠤᠯᠤᠨ᠂ ᠰᠢᠯᠵᠢᠭᠦᠯᠦᠨ | ᠵᠠᠶᠢᠯᠠᠬᠤ ᠴᠠᠭ ᠨᠢ 5 ᠰᠠᠷ᠎ᠠ ᠶᠢᠨ 20 ᠠᠴᠠ 6 ᠰᠠᠷ᠎ᠠ ᠶᠢᠨ 1 ᠪᠣᠯᠲᠠᠯ᠎ᠠ ᠴᠢᠬᠢ ᠰᠠᠭᠤᠯᠭᠠᠭᠰᠠᠨ ᠤ ᠳᠠᠷᠠᠭ᠎ᠠ | ᠬᠦᠯᠡᠮᠵᠢ ᠶᠢ ᠳᠠᠬᠢᠨ ᠠᠰᠢᠭᠯᠠᠵᠤ᠂ ᠬᠦᠷᠢᠶᠡᠨ ᠤ ᠠᠵᠤ ᠠᠬᠤᠢ ᠶᠢ ᠬᠥᠭᠵᠢᠭᠦᠯᠦᠨ᠂ ᠪᠤᠷᠴᠠᠭ᠂ ᠯᠠᠵᠤᠤ | ᠲᠠᠷᠢᠬᠤ ᠳᠤ᠂ ᠪᠢᠳᠡ ᠵᠠᠬᠢᠶᠠᠯᠠᠭ᠎ᠠ ᠶᠢᠨ ᠵᠠᠭᠪᠤᠷ ᠢ ᠬᠡᠷᠡᠭᠯᠡᠨ᠂ ᠠᠷᠠᠳ ᠣᠯᠠᠨ ᠤ ᠣᠷᠣᠯᠭ᠎ᠠ ᠶᠢ ᠬᠠᠮᠲᠤ ᠪᠠᠷ | ᠨᠡᠮᠡᠭᠳᠡᠭᠦᠯᠦᠨ᠎ᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ | ᠤᠯᠠᠭᠠᠨ ᠵᠦᠩ ᠭᠠᠴᠠᠭᠠᠨ ᠤ ᠨᠠᠮ ᠤᠨ ᠡᠭᠦᠷ ᠤᠨ ᠱᠦᠵᠢ ᠵᠠᠩ ᠯᠢ ᠮᠢᠩ ᠬᠡᠯᠡᠪᠡ᠃ |