4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠬᠥᠭᠵᠢᠯᠲᠦ ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠲᠥᠪ ᠲᠤ ᠬᠦᠷᠴᠦ ︽ᠬᠠᠯᠠᠮᠰᠢᠯ ᠤᠲᠠᠰᠤ ᠶᠢ ᠲᠣᠰᠴᠤ᠂ ᠪᠣᠳᠠᠲᠠᠢ | ᠠᠵᠢᠯ ᠬᠢᠬᠦ︾ ᠠᠵᠢᠯᠯᠠᠭ᠎ᠠ ᠳᠤ ᠣᠷᠣᠯᠴᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ | ᠰᠢᠢᠳᠪᠦᠷᠢᠯᠡᠨ᠂ ᠲᠤᠬᠠᠢ ᠶᠢᠨ ᠲᠠᠯᠠᠪᠠᠢ ᠳᠤ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠠᠷᠠᠳ ᠤᠨ ᠪᠠᠶᠢᠳᠠᠯ ᠢ | ᠣᠶᠢᠯᠠᠭᠠᠨ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠠᠵᠤ ᠠᠬᠤᠶᠢᠯᠠᠯ᠂ ᠣᠯᠠᠨ ᠲᠦᠮᠡᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠲᠡᠢ ᠪᠥᠭᠡᠳ ᠪᠦᠲᠦᠮᠵᠢᠲᠡᠢ ᠰᠢᠢᠳᠪᠦᠷᠢᠯᠡᠪᠡ᠃ | ᠬᠠᠯᠠᠭᠤᠨ ᠤᠲᠠᠰᠤ ᠪᠠᠷ ᠲᠤᠬᠠᠢ ᠶᠢᠨ ᠲᠠᠯᠠᠪᠠᠢ ᠳᠤ᠂ ᠪᠦᠦ ᠬᠦᠭᠵᠢᠯᠳᠦ 19 ᠣᠯᠠᠨ ᠲᠦᠮᠡᠨ ᠤ ᠢᠷᠡᠭᠦᠯᠦᠭᠰᠡᠨ | ᠤᠲᠠᠰᠤ ᠶᠢ ᠬᠦᠯᠢᠴᠡᠩᠭᠦᠢ ᠪᠠᠷ ᠨᠠᠷᠢᠨ ᠬᠢᠨᠠᠮᠠᠭᠠᠢ ᠬᠦᠯᠢᠶᠡᠨ ᠠᠪᠴᠤ᠂ ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ | ᠠᠬᠤᠢ ᠣᠢ ᠰᠢᠭᠤᠢ ᠤᠰᠤ᠂ ᠣᠷᠣᠨ ᠰᠠᠭᠤᠴᠠ ᠶᠢᠨ ᠪᠠᠲᠤᠯᠠᠭ᠎ᠠ᠂ ᠠᠵᠤ ᠠᠬᠤᠢ ᠶᠢᠨ ᠶᠡᠷᠦᠩᠬᠡᠶᠢᠯᠡᠯ᠂ ᠵᠠᠮ | ᠬᠠᠷᠢᠯᠴᠠᠭ᠎ᠠ ᠶᠠᠪᠤᠵᠤ ᠰᠠᠭᠤᠬᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ᠂ ᠨᠠᠮ ᠤᠨ ᠶᠠᠪᠤᠳᠠᠯ ᠵᠠᠰᠠᠭ ᠤᠨ ᠶᠠᠪᠤᠳᠠᠯ ᠵᠡᠷᠭᠡ ᠲᠠᠯ᠎ᠠ ᠶᠢᠨ ᠠᠰᠠᠭᠤᠳᠠᠯ ᠤᠨ ᠬᠦᠰᠡᠯ ᠱᠠᠭᠠᠷᠳᠠᠯᠭ᠎ᠠ | ᠪᠣᠯᠤᠨ ᠠᠵᠢᠯ ᠤᠨ ᠰᠠᠨᠠᠭᠤᠯᠭ᠎ᠠ ᠶᠢ ᠰᠣᠨᠣᠰᠴᠠᠢ᠃ ᠢᠷᠡᠭᠦᠯᠦᠭᠰᠡᠨ ᠤᠲᠠᠰᠤ ᠨᠢᠭᠡᠪᠦᠷᠢ ᠶᠢᠨ ᠡᠮᠦᠨ᠎ᠡ᠂ ᠪᠦᠦ | ᠬᠦᠭᠵᠢᠯᠲᠦ ᠴᠥᠮ ᠨᠠᠷᠢᠨ ᠬᠢᠨᠠᠮᠠᠭᠠᠢ ᠰᠣᠨᠣᠰᠴᠤ᠂ ᠨᠠᠷᠢᠨ ᠨᠢᠭᠲᠠ ᠲᠡᠮᠳᠡᠭᠯᠡᠵᠦ᠂ ᠲᠤᠬᠠᠢ ᠶᠢᠨ ᠲᠠᠯᠠᠪᠤᠷ ᠲᠤ | ᠬᠠᠷᠢᠭᠤᠯᠲᠠ ᠥᠭᠴᠦ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠠᠵᠢᠯ ᠤᠨ ᠲᠥᠰᠦᠯ ᠢᠶᠠᠨ ᠲᠦᠷᠭᠡᠨ ᠪᠦᠷᠢᠯᠳᠦᠭᠦᠯᠵᠦ᠂ ᠭᠦᠢᠴᠡᠳᠬᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ | ᠂ ᠭᠦᠢᠴᠡᠳᠬᠡᠭᠰᠡᠨ ᠦᠷ᠎ᠡ ᠳ᠋ᠦᠩ ᠢᠶᠠᠨ ᠲᠦᠷᠭᠡᠨ ᠬᠠᠷᠢᠭᠤ ᠲᠤᠰᠬᠠᠬᠤ ᠬᠡᠷᠡᠭᠲᠡᠢ ᠭᠡᠵᠦ ᠱᠠᠭᠠᠷᠳᠠᠪᠠ᠃ ᠪᠦᠦ | ᠬᠦᠭᠵᠢᠯᠳᠦ᠂ ︽ᠬᠠᠯᠠᠮᠰᠢᠯ ᠤᠲᠠᠰᠤ ᠲᠣᠰᠴᠤ᠂ ᠪᠣᠳᠠᠲᠤ ᠶᠠᠪᠤᠳᠠᠯ ᠬᠢᠬᠦ︾ ᠠᠵᠢᠯᠯᠠᠭ᠎ᠠ ᠪᠣᠯ ᠶᠡᠷᠦᠩᠬᠡᠢ ᠱᠦᠵᠢ | ᠰᠢ ᠶᠢᠨ ᠫᠢᠩ ᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠤᠬᠠᠢ ᠴᠢᠬᠤᠯᠠ ᠥᠭᠦᠯᠡᠯᠲᠡ ᠶᠢ | ᠲᠤᠭᠤᠰᠢᠯᠠᠭᠤᠯᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠬᠦ ᠬᠦᠴᠦᠲᠡᠢ ᠠᠷᠭ᠎ᠠ ᠪᠠᠷᠢᠯ ᠪᠣᠯᠤᠨ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠤᠨ᠎ᠠ᠃ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠰᠢᠨ᠎ᠡ | ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠵᠤ᠂ 12345 | ᠲᠠᠪᠴᠠᠩ ᠤᠨ ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠣᠯᠠᠨ ᠲᠦᠮᠡᠨ ᠤ ᠰᠡᠳᠬᠢᠯ | ᠬᠠᠨᠤᠮᠵᠢᠲᠠᠢ ᠪᠠᠶᠢᠬᠤ ᠶᠢ ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ ᠠᠵᠢᠯ ᠤᠨ ᠴᠤᠪᠤᠷᠠᠯ ᠢᠶᠠᠨ | ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠴᠥᠮ ᠴᠠᠭ ᠲᠤᠬᠠᠢ ᠳᠤᠨᠢ ᠬᠠᠷᠢᠭᠤ ᠥᠭᠴᠦ᠂ ᠶᠠᠪᠤᠳᠠᠯ | ᠪᠣᠯᠭᠠᠨ ᠳᠤ ᠬᠠᠷᠢᠭᠤ ᠥᠭᠴᠦ᠂ 12345 ᠲᠠᠪᠴᠠᠩ ᠢ ᠣᠯᠠᠨ ᠲᠦᠮᠡᠨ ᠤ ᠢᠲᠡᠭᠡᠯ ᠲᠠᠢ ︽ᠰᠡᠳᠬᠢᠯ ᠤᠨ | ᠬᠥᠭᠦᠷᠭᠡ︾ ᠪᠣᠯᠭᠠᠵᠤ᠂ ᠥᠷᠭᠡᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ | ᠪᠠ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡ ᠠᠴᠠ ᠵᠦᠢᠴᠢᠯᠡᠵᠦ | ᠨᠥᠭᠦᠭᠡ ᠶᠢ ᠮᠡᠳᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠲᠥᠪᠯᠡᠷᠡᠭᠰᠡᠨ ᠬᠦᠷᠢᠶ᠎ᠡ ᠪᠣᠯᠤᠨ ᠭᠠᠵᠠᠷ ᠣᠷᠣᠨ ᠢ | ᠬᠦᠴᠦᠲᠡᠢ ᠴᠡᠭᠴᠡᠯᠡᠨ ᠵᠠᠰᠠᠵᠤ᠂ ᠲᠤᠰᠬᠠᠵᠤ ᠭᠠᠷᠭᠠᠭᠰᠠᠨ ᠺᠠᠳ᠋ᠷ ᠤᠨ ᠰᠤᠷᠲᠠᠯ ᠴᠢᠩᠭ᠎ᠠ ᠪᠣᠳᠠᠲᠠᠢ ᠪᠤᠰᠤ | ᠠᠰᠠᠭᠤᠳᠠᠯ ᠢ ᠴᠢᠩᠭ᠎ᠠ ᠰᠢᠢᠳᠪᠦᠷᠢᠯᠡᠵᠦ᠂ ᠬᠠᠲᠠᠭᠤ ᠴᠢᠩᠭ᠎ᠠ ᠠᠵᠢᠯ ᠤᠨ ᠰᠤᠷᠲᠠᠯ ᠪᠣᠯᠤᠨ ᠯᠠᠪᠳᠠᠭᠤᠨ ᠪᠠᠲᠤᠲᠠᠢ | ᠠᠵᠢᠯ ᠤᠨ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠬᠤ ᠬᠡᠷᠡᠭᠲᠡᠢ ᠬᠡᠵᠡᠢ᠃ |