ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠬᠠᠮᠢᠶᠠᠷᠤᠯᠲᠠ ᠶᠢᠨ ᠰᠠᠯᠠᠭᠠᠨ ᠤ ᠳᠡᠰ ᠤᠨ ᠵᠠᠯᠠᠭᠤ ᠺᠠᠳ᠋ᠷᠴᠤᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/4/24
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠲᠤᠬᠠᠢ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠵᠠᠯᠠᠭᠤ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠢ ᠲᠣᠪᠤᠶᠢᠮ᠎ᠠ ᠰᠠᠶᠢᠲᠤᠷ ᠠᠳᠬᠤᠬᠤ ᠶᠢᠨ ᠲᠥᠯᠥᠭᠡ᠂ 4 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢ᠊ ᠡᠶ᠎ᠡ ᠰᠠᠯᠠᠭᠠᠨ ᠤ ᠳᠡᠰ ᠤᠨ ᠵᠠᠯᠠᠭᠤ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠪᠡ᠃ ᠨᠣᠮ ᠤᠩᠰᠢᠬᠤ ᠠᠩᠭᠢ ᠶᠢ ᠳᠤᠭᠤᠶᠢᠯᠠᠩ ᠬᠤᠪᠢᠶᠠᠨ ᠳᠠᠭᠠᠭᠤᠯᠤᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ 103 ᠰᠠᠯᠠᠭᠠᠨ ᠳᠡᠰ ᠤᠨ ᠵᠠᠯᠠᠭᠤ ᠺᠠᠳ᠋ᠷ ᠣᠷᠣᠯᠴᠠᠵᠠᠢ᠃ ᠨᠣᠮ ᠤᠩᠰᠢᠬᠤ ᠠᠩᠭᠢ ᠠᠴᠠ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠵᠠᠯᠠᠭᠤ ᠺᠠᠳ᠋ᠷᠴᠤᠳ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ ᠡᠭᠦᠷᠭᠡᠯᠡᠵᠦ ᠂ ᠨᠣᠮ ᠤᠩᠰᠢᠬᠤ ᠠᠩᠭᠢ ᠳᠤ ᠣᠷᠣᠯᠴᠠᠬᠤ ᠪᠠᠷ ᠠᠵᠠ ᠲᠣᠬᠢᠶᠠᠯ ᠪᠣᠯᠭᠠᠨ ᠰᠢᠯᠢᠳᠡᠭ ᠰᠤᠷᠤᠯᠴᠠᠬᠤ ᠰᠤᠷᠲᠠᠯ ᠢᠶᠠᠨ ᠪᠠᠳᠠᠷᠠᠭᠤᠯᠵᠤ᠂ ᠰᠤᠷᠤᠯᠴᠠᠬᠤ ᠳᠤ ᠰᠡᠳᠬᠢᠬᠦ᠂ ᠰᠤᠷᠤᠯᠴᠠᠬᠤ ᠳᠤ ᠣᠶᠢᠯᠠᠭᠠᠬᠤ᠂ ᠰᠤᠷᠤᠯᠴᠠᠬᠤ ᠳᠤ ᠣᠯᠤᠯᠲᠠ ᠲᠠᠢ ᠪᠠᠶᠢᠬᠤ ᠶᠢ ᠪᠡᠶᠡᠯᠡᠭᠦᠯᠵᠦ᠂ ᠯᠠᠪᠳᠠᠭᠤᠨ ᠪᠠᠲᠤᠲᠠᠢ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠷ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠵᠥᠪ ᠪᠤᠷᠤᠭᠤ ᠶᠢ ᠢᠯᠭᠠᠨ ᠲᠠᠨᠢᠵᠤ᠂ ᠠᠵᠢᠯ ᠬᠢᠵᠦ ᠦᠢᠯᠡᠰ ᠴᠣᠭᠴᠠᠯᠠᠬᠤ ᠬᠡᠷᠡᠭᠲᠡᠢ ᠃ ᠬᠤᠪᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠳᠤᠮᠳᠠ ᠰᠤᠷᠲᠠᠯ ᠢ ᠰᠠᠶᠢᠵᠢᠷᠠᠭᠤᠯᠬᠤ ᠰᠢᠨ᠎ᠡ ᠰᠤᠷᠲᠠᠯ ᠢ ᠪᠣᠢ ᠪᠣᠯᠭᠠᠬᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ︾ ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠠ ᠠᠷᠭ᠎ᠠ ᠶᠢ ᠭᠦᠨᠵᠡᠭᠡᠢ ᠪᠣᠳᠣᠯᠬᠢᠯᠠᠵᠤ᠂ ᠠᠰᠠᠭᠤᠳᠠᠯ ᠢ ᠪᠠᠶᠢᠴᠠᠭᠠᠨ ᠳᠡᠯᠭᠡᠬᠦ ᠳᠤᠮᠳᠠ ᠪᠠᠶᠢᠳᠠᠯ ᠢ ᠲᠣᠳᠣᠷᠬᠠᠢ ᠣᠶᠢᠯᠠᠭᠠᠵᠤ᠂ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠳᠠᠷᠠᠭᠠᠴᠢ ᠶᠢᠨ ᠴᠡᠭᠴᠡᠯᠡᠨ ᠰᠠᠶᠢᠵᠢᠷᠠᠭᠤᠯᠬᠤ ᠳᠤᠮᠳᠠ ᠬᠠᠲᠠᠭᠤ ᠲᠠᠢ ᠬᠠᠯᠳᠠᠵᠤ᠂ ᠦᠨᠡᠨ ᠪᠣᠳᠠᠲᠠᠢ ᠪᠠᠷ ᠰᠠᠶᠢᠵᠢᠷᠠᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠪᠣᠷᠣᠭᠵᠢᠭᠤᠨ ᠰᠤᠷᠲᠠᠯ ᠢ ᠪᠣᠢ ᠪᠣᠯᠭᠠᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠣᠢ ᠪᠣᠯᠭᠠᠵᠤ᠂ ᠠᠵᠢᠯ ᠤᠨ ᠨᠠᠷᠢᠨ ᠵᠦᠢᠯᠡᠰ ᠤᠨ ᠲᠠᠯ᠎ᠠ ᠪᠠᠷ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ︽ᠠᠷᠪᠢᠯᠠᠨ ᠭᠠᠮᠨᠠᠵᠤ ᠠᠮᠢᠳᠤᠷᠠᠬᠤ︾ ᠪᠠᠷ ᠳᠠᠳᠬᠠᠯ ᠪᠣᠯᠭᠠᠵᠤ᠂ ᠬᠡᠪ ᠤᠨ ᠪᠠᠶᠢᠳᠠᠯ ᠪᠣᠯᠭᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠰᠠᠬᠢᠵᠤ᠂ ᠲᠦᠷᠦᠭᠦᠯᠡᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠣᠳᠠᠲᠠᠢ ᠶᠠᠪᠤᠳᠠᠯ ᠬᠢᠵᠦ᠂ ᠳᠦᠷᠢ ᠲᠥᠷᠬᠦ ᠶᠢ ᠪᠣᠢ ᠪᠣᠯᠭᠠᠵᠤ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号