4 ᠰᠠᠷ᠎ᠠ ᠶᠢᠨ 22 ᠤᠨ ᠡᠳᠦᠷ᠂ ᠬᠢᠩᠭᠠᠨ ᠠᠶᠢᠮᠠᠭ ᠤᠨ ᠨᠠᠮ ᠵᠠᠰᠠᠭ ᠤᠨ ᠤᠳᠤᠷᠢᠳᠬᠤ ᠨᠥᠬᠦᠳ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠠᠵᠠᠮ ᠰᠤᠮᠤ ᠶᠢᠨ ᠬᠤᠯᠪᠣᠭ᠎ᠠ ᠭᠠᠴᠠᠭ᠎ᠠ ᠳᠤ ᠬᠦᠷᠴᠦ᠂ | ᠪᠠᠶᠢᠭᠤᠯᠭ᠎ᠠ ᠶᠢᠨ ᠺᠠᠳ᠋ᠷᠴᠤᠳ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠦᠷᠦᠭᠦᠯᠡᠨ ᠲᠤᠭᠤᠰᠢᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠢ ᠰᠠᠶᠢᠲᠤᠷ ᠬᠢᠬᠦ ᠳᠤ ᠬᠦᠴᠦᠨ | ᠨᠡᠮᠡᠷᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠡᠷᠡᠰ ᠪᠠᠲᠤ ᠴᠣᠭᠴᠠᠯᠠᠪᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠠᠵᠠᠮ ᠰᠤᠮᠤ ᠪᠣᠯ ᠬᠤᠷᠴᠢᠨ ᠤ ᠡᠯᠡᠰᠦᠷᠬᠡᠭ | ᠭᠠᠵᠠᠷ ᠢ ᠤᠰᠠᠳᠬᠠᠬᠤ ᠳᠠᠶᠢᠯᠠᠯᠳᠤᠭᠠᠨ ᠤ ︽ᠭᠤᠣᠯ ᠳᠠᠶᠢᠨ ᠤ ᠲᠠᠯᠠᠪᠤᠷ︾ ᠤᠨ ᠨᠢᠭᠡ ᠪᠣᠯᠤᠨ᠎ᠠ᠃ ᠮᠣᠳᠣ ᠲᠠᠷᠢᠬᠤ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠦᠬᠡ᠂ ᠰᠢᠦᠢ ᠵᠦᠸᠧ᠂ ᠶᠠᠩ ᠵᠢᠢ ᠫᠧᠩ ᠵᠡᠷᠭᠡ ᠠᠶᠢᠮᠠᠭ ᠤᠨ | ᠤᠳᠤᠷᠢᠳᠤᠯᠭ᠎ᠠ ᠺᠠᠳ᠋ᠷ ᠣᠯᠠᠨ ᠲᠦᠮᠡᠨ ᠲᠠᠢ ᠬᠠᠮᠲᠤᠪᠠᠷ ᠬᠦᠴᠦ ᠪᠠᠨ ᠬᠠᠮᠲᠤᠳᠬᠠᠨ ᠨᠢᠭᠡ ᠰᠠᠭᠤᠷᠢ ᠰᠢᠨ᠎ᠡ ᠴᠢᠬᠢ | ᠮᠣᠳᠣ ᠲᠠᠷᠢᠵᠤ᠂ ᠣᠯᠠᠨ ᠢᠶᠠᠷ ᠢᠶᠠᠨ ᠬᠦᠷᠵᠡ ᠬᠤᠷᠦ᠋ᠢᠯᠠᠨ ᠰᠢᠷᠣᠢ ᠮᠠᠯᠲᠠᠵᠤ᠂ ᠰᠢᠷᠣᠢ ᠨᠡᠮᠡᠵᠦ ᠬᠠᠰᠢᠯᠭ᠎ᠠ ᠶᠢ | ᠬᠦᠷᠢᠶᠡᠯᠡᠨ ᠤᠰᠤᠯᠠᠵᠤ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠶᠢᠳᠠᠯ ᠢᠯᠡᠷᠡᠪᠡ᠃ ᠮᠣᠳᠣ ᠲᠠᠷᠢᠬᠤ | ᠵᠠᠪᠰᠠᠷ ᠲᠤ ᠰᠦᠬᠡ᠂ ᠣᠳᠣᠬᠠᠨ ᠤ ᠬᠠᠪᠤᠷ ᠤᠨ ᠤᠯᠠᠷᠢᠯ ᠤᠨ ᠮᠣᠳᠣ ᠲᠠᠷᠢᠵᠤ ᠣᠶᠢᠵᠢᠭᠤᠯᠬᠤ ᠰᠢᠵᠢᠷ ᠠᠯᠲᠠᠨ | ᠤᠯᠠᠷᠢᠯ ᠢ ᠠᠳᠬᠤᠵᠤ᠂ ᠤᠯᠤᠰ ᠤᠨ ᠨᠤᠲᠤᠭ ᠳᠡᠪᠢᠰᠬᠡᠷ ᠢ ᠶᠡᠭᠡ ᠬᠡᠪᠴᠢᠶ᠎ᠡ ᠪᠠᠷ ᠨᠣᠭᠤᠭᠠᠷᠠᠭᠤᠯᠬᠤ ᠠᠵᠢᠯᠯᠠᠭ᠎ᠠ ᠶᠢ | ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠪᠠᠶᠢᠭᠤᠯᠭ᠎ᠠ ᠶᠢᠨ ᠺᠠᠳ᠋ᠷ ᠢ ᠥᠷᠭᠡᠨ ᠢᠶᠠᠷ ᠳᠠᠶᠢᠴᠢᠯᠠᠨ ᠮᠣᠳᠣ ᠲᠠᠷᠢᠵᠤ | ᠣᠶᠢᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠠᠬᠢᠭᠤᠯᠵᠤ᠂ | ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠪᠠ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠨᠣᠭᠤᠭᠠᠨ ᠬᠡᠮᠵᠢᠶ᠎ᠡ ᠶᠢ | ᠦᠷᠭᠦᠯᠵᠢᠯᠡᠨ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠣᠷᠣᠭᠤᠯᠵᠤ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠬᠢᠷᠲᠤᠯ ᠦᠭᠡᠢ ᠠᠮᠢ ᠠᠬᠤᠢ ᠶᠢᠨ | ᠳᠠᠪᠠᠭᠤᠯᠢᠭ ᠢ ᠲᠠᠰᠤᠷᠠᠯᠲᠠ ᠦᠭᠡᠢ ᠵᠤᠵᠠᠭᠠᠳᠬᠠᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃ | ᠣᠶᠢᠯᠠᠭᠠᠭᠰᠠᠨ ᠢᠶᠠᠷ᠂ 2024 ᠣᠨ ᠳᠤ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ | ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠩᠭᠠᠨ ᠠᠶᠢᠮᠠᠭ | ᠰᠢᠨ᠎ᠡ ᠡᠨᠧᠷᠭᠢ ᠪᠠᠷ ᠡᠯᠡᠰᠦ ᠶᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠣᠯᠠᠨ ᠲᠦᠮᠡᠨ ᠤ | ᠡᠯᠡᠰᠦ ᠶᠢ ᠵᠠᠰᠠᠬᠤ᠂ ᠨᠡᠶᠢᠭᠡᠮ ᠠᠴᠠ ᠡᠯᠡᠰᠦ ᠶᠢ ᠵᠠᠰᠠᠬᠤ᠂ ᠦᠷ᠎ᠡ ᠠᠰᠢᠭ ᠢᠶᠠᠷ ᠡᠯᠡᠰᠦ ᠶᠢ ᠵᠠᠰᠠᠬᠤ ᠶᠢ ᠬᠠᠮᠵᠢᠯᠴᠠᠨ | ᠠᠬᠢᠭᠤᠯᠵᠤ᠂ ︽ᠱᠠᠯᠢᠭ ᠵᠠᠪᠬᠠᠢ ᠶᠢ ᠤᠰᠠᠳᠬᠠᠬᠤ᠂ ᠴᠠᠭᠠᠨ ᠢ ᠵᠠᠰᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ | ᠭᠤᠷᠪᠠᠨ ᠶᠡᠭᠡ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠡᠯᠡᠰᠦᠷᠬᠡᠭ ᠭᠠᠵᠠᠷ ᠢ ᠨᠡᠶᠢᠲᠡ 47.2 | ᠲᠦᠮᠡᠨ ᠮᠦ ᠵᠠᠰᠠᠵᠤ᠂ ᠪᠦᠬᠦ ᠣᠷᠣᠨ ᠳᠤ ᠬᠠᠲᠤᠨ ᠭᠤᠣᠯ ᠢ ᠬᠦᠨᠳᠦ ᠨᠣᠴᠢᠲᠠᠢ ᠵᠠᠰᠠᠵᠤ᠂ ᠡᠯᠡᠰᠦᠷᠬᠡᠭᠵᠢᠭᠰᠡᠨ | ᠭᠠᠵᠠᠷ ᠰᠢᠷᠣᠢ ᠶᠢᠨ ᠲᠠᠯᠠᠪᠠᠢ ᠶᠢ 2020 ᠣᠨ ᠳᠤ 503 ᠲᠦᠮᠡᠨ ᠮᠦ ᠪᠠᠶᠢᠭᠰᠠᠨ ᠠᠴᠠ 357.7 ᠲᠦᠮᠡᠨ ᠮᠦ | ᠪᠣᠯᠭᠠᠨ ᠪᠠᠭᠠᠰᠬᠠᠵᠤ᠂ ᠭᠤᠷᠪᠠᠨ ᠤ ᠨᠢᠭᠡ ᠶᠢᠨ ᠡᠯᠡᠰᠦᠷᠬᠡᠭ ᠭᠠᠵᠠᠷ ᠢ ᠪᠦᠲᠦᠮᠵᠢᠲᠡᠢ ᠵᠠᠰᠠᠪᠠ᠃ 2025 ᠤᠨ ᠪᠣᠯ | ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠵᠠᠩᠭᠢᠯᠠᠭ᠎ᠠ ᠶᠢᠨ ᠵᠢᠯ | ᠪᠣᠯᠤᠨ᠎ᠠ᠂ ᠬᠢᠩᠭᠠᠨ ᠠᠶᠢᠮᠠᠭ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠬᠡᠷᠡᠭᠵᠢᠭᠦᠯᠬᠦ ᠶᠢ ︽ᠤᠰᠤ | ᠠᠷᠪᠢᠯᠠᠬᠤ ᠠᠵᠢᠯᠯᠠᠭ᠎ᠠ︾᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠲᠠᠢ ᠣᠷᠭᠠᠨᠢᠭ ᠢᠶᠠᠷ | ᠤᠶᠠᠯᠳᠤᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠪᠠ ᠣᠢ ᠰᠢᠭᠤᠢ ᠡᠪᠡᠰᠦ ᠴᠢᠭᠢᠭᠯᠢᠭ | ᠠᠲᠠᠷ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ᠂ ᠳᠠᠪᠠᠭᠠᠨ ᠤ ᠡᠮᠦᠨᠡᠬᠢ ᠣᠢ ᠰᠢᠭᠤᠢ ᠡᠪᠡᠰᠦ | ᠪᠡᠯᠴᠢᠭᠡᠷ ᠤᠨ ᠰᠢᠯᠵᠢᠯᠲᠡ ᠶᠢᠨ ᠪᠦᠰᠡ ᠶᠢ ᠶᠡᠷᠦᠩᠬᠡᠶᠢᠯᠡᠨ ᠵᠠᠰᠠᠬᠤ ᠵᠡᠷᠭᠡ 4 ᠭᠤᠣᠯᠳᠠᠯᠭ᠎ᠠ ᠲᠠᠢ ᠡᠯᠡᠰᠦ ᠶᠢ | ᠰᠡᠷᠭᠡᠶᠢᠯᠡᠨ ᠵᠠᠰᠠᠬᠤ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ 76.7 ᠲᠦᠮᠡᠨ ᠮᠦ | ᠡᠯᠡᠰᠦᠷᠬᠡᠭ ᠭᠠᠵᠠᠷ ᠢ ᠵᠠᠰᠠᠬᠤ ᠪᠠᠷ ᠲᠥᠯᠥᠪᠯᠡᠵᠦ ᠪᠣᠢ᠃ ᠡᠯᠡᠰᠦ ᠶᠢ ᠵᠠᠰᠠᠬᠤ ᠣᠨ ᠤ ᠬᠠᠷᠠᠯᠲᠠ ᠶᠢᠨ | ᠲᠣᠭᠤᠷᠢᠨ ᠳᠤ᠂ ᠬᠢᠩᠭᠠᠨ ᠠᠶᠢᠮᠠᠭ ᠨᠢ ᠡᠷᠲᠡ ᠠᠴᠠ ᠠᠷᠭ᠎ᠠ ᠰᠦᠪᠡᠭᠴᠢᠯᠡᠬᠦ᠂ ᠡᠷᠲᠡ ᠠᠴᠠ ᠬᠥᠳᠡᠯᠦᠯᠴᠡᠬᠦ ᠶᠢ | ᠪᠠᠷᠢᠮᠲᠠᠯᠠᠵᠤ᠂ ᠰᠢᠪᠲᠤᠯᠤᠯᠲᠠ ᠶᠢᠨ ᠪᠠᠶᠢᠳᠠᠯ ᠢᠶᠠᠷ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ | ᠰᠢᠪᠲᠤᠯᠤᠯᠲᠠ ᠶᠢᠨ ᠳᠠᠶᠢᠯᠠᠯᠳᠤᠭᠠᠨ ᠢ ᠬᠢᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠪᠦᠬᠦ | ᠬᠦᠴᠦᠨ ᠵᠦᠢᠯ ᠢᠶᠠᠷ ᠠᠬᠢᠭᠤᠯᠤᠨ᠎ᠠ᠃ ᠣᠳᠣ ᠪᠣᠯᠲᠠᠯ᠎ᠠ᠂ ᠶᠡᠷᠦᠩᠬᠡᠢ ᠪᠡᠯᠡ ᠣᠷᠣᠭᠤᠯᠤᠯᠲᠠ ᠨᠢ 2.7 ᠳ᠋ᠦᠩᠰᠢᠭᠤᠷ | ᠲᠥᠭᠦᠷᠢᠭ ᠲᠤ ᠬᠦᠷᠦᠭᠰᠡᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 10 ᠵᠤᠷᠪᠤᠰ ︽ᠵᠠᠮ ᠢᠶᠠᠷ | ᠡᠯᠡᠰᠦ ᠶᠢ ᠵᠠᠰᠠᠬᠤ︾ ᠲᠥᠷᠥᠯ ᠵᠦᠢᠯ ᠨᠢ ᠤᠯᠤᠰ ᠤᠨ ᠳᠡᠰ ᠳᠡᠪᠰᠢᠭᠦᠯᠦᠨ ᠨᠤᠲᠠᠯᠠᠬᠤ ᠪᠠᠷ ᠳᠠᠮᠵᠢᠨ | ᠳᠠᠩᠰᠠᠯᠠᠭᠤᠯᠤᠭᠰᠠᠨ ᠪᠥᠭᠡᠳ ᠪᠦᠬᠦ ᠠᠶᠢᠮᠠᠭ ᠢᠶᠠᠷ ᠢᠶᠠᠨ ᠨᠢᠭᠡᠨᠲᠡ 1475 ᠲᠦᠮᠡᠨ ᠰᠠᠭᠤᠷᠢ ᠡᠯᠡᠰᠦ ᠶᠢ ᠵᠠᠰᠠᠵᠤ᠂ | 56 ᠲᠦᠮᠡᠨ ᠺᠢᠯᠣᠭ᠍ᠷᠠᠮ ᠡᠪᠡᠰᠦᠨ ᠦᠷ᠎ᠡ ᠨᠥᠭᠡᠴᠡᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ | ᠲᠠᠯᠠᠪᠠᠢ ᠶᠢ 11 ᠲᠦᠮᠡᠨ ᠮᠦ ᠪᠡᠶᠡᠯᠡᠭᠦᠯᠵᠦ᠂ ᠪᠦᠬᠦ ᠵᠢᠯ ᠤᠨ ᠡᠭᠦᠷᠭᠡ ᠶᠢᠨ 14.3% ᠶᠢ ᠡᠵᠡᠯᠡᠵᠦ ᠪᠠᠶᠢᠨ᠎ᠠ᠃ |