1404 ᠳ᠋ᠦᠩᠰᠢᠭᠤᠷ ᠲᠥᠭᠦᠷᠢᠭ ᠤᠨ ᠢᠲᠡᠭᠡᠮᠵᠢᠳᠤ ᠵᠢᠭᠡᠯᠡᠯᠭᠡ ᠣᠯᠭᠤᠪᠠ
ᠨᠡᠶᠢᠲᠡᠯᠡᠭᠰᠡᠨ ᠴᠠᠭ᠄
2025/4/24
   ᠮᠠᠨ ᠤ ᠣᠷᠣᠨ ︽ᠥᠪᠥᠷ ᠮᠣᠩᠭᠤᠯ ᠤᠨ ᠠᠵᠤ ᠠᠬᠤᠶᠢᠯᠠᠯ ᠤᠨ ᠭᠠᠷ ᠠᠪᠤᠯᠭ᠎ᠠ︾ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠱᠠᠲᠤ ᠬᠤᠪᠢᠶᠠᠨ ᠬᠠᠷᠢᠯᠴᠠᠵᠤ ᠠᠵᠤ ᠠᠬᠤᠶᠢᠯᠠᠯ ᠳᠤ ᠦᠢᠯᠡᠴᠢᠯᠡᠬᠦ ᠲᠦᠷᠢᠮ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠢᠢᠨ ᠪᠣᠳᠣᠯᠭ᠎ᠠ ᠲᠣᠭᠲᠠᠭᠠᠬᠤ︾ ᠨᠠᠷᠢᠯᠢᠭ ᠣᠨᠣᠪᠴᠢᠲᠠᠶ ᠦᠢᠯᠡᠴᠢᠯᠡᠭᠡ ᠪᠠᠷ ᠳᠠᠮᠵᠢᠨ᠂ ᠠᠰᠠᠭᠤᠳᠠᠯ ᠢ ᠰᠢᠢᠳᠪᠦᠷᠢᠯᠡᠬᠦ ᠪᠠᠶᠢᠩᠭᠤᠵᠢᠭᠰᠠᠨ ᠲᠣᠭᠲᠠᠴᠠ ᠢᠢ ᠪᠠᠶᠢᠭᠤᠯᠪᠠ᠃   ᠣᠳᠣᠬᠠᠨ ᠪᠣᠯᠲᠠᠯ᠎ᠠ᠂ ᠮᠠᠨ ᠤ ᠤᠷᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 708 ᠠᠰᠠᠭᠤᠳᠠᠯ ᠢ ᠭᠥᠯᠢᠶᠡᠨ ᠠᠪᠴᠤ᠂ 593 ᠠᠰᠠᠭᠤᠳᠠᠯ ᠢ ᠨᠢᠭᠡᠨᠲᠡ ᠰᠶᠢᠳᠪᠦᠷᠢᠯᠡᠵᠤ ᠳᠠᠭᠤᠰᠬᠠᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 84% ᠳᠤ ᠬᠦᠷᠪᠡ᠃ ᠠᠶᠢᠮᠠᠭ ᠬᠤᠲᠠ ᠂ ᠬᠤᠰᠢᠭᠤ ᠰᠢᠶᠠᠨ ᠤ ᠱᠠᠲᠤᠨ ᠳᠤ ᠨᠡᠶᠢᠲᠡ 2300 ᠭᠠᠷᠤᠶ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 89% ᠳᠤ ᠬᠦᠷᠴᠡᠶ᠃ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠳᠤ ᠬᠦᠴᠢᠷ᠂ ᠵᠠᠰᠠᠭ ᠤᠨ ᠣᠷᠳᠣᠨ ᠤ ᠥᠷᠢᠲᠦᠵᠦ ᠪᠠᠶᠢᠭ᠎ᠠ ᠦᠷᠢ ᠦᠭᠴᠡᠭᠡ ᠶᠢ ᠨᠡᠭᠡᠵᠦ ᠠᠪᠬᠤ ᠳᠤ ᠬᠦᠴᠢᠷ᠂ ᠵᠠᠰᠠᠭ ᠤᠨ ᠣᠷᠳᠣᠨ ᠠᠮᠠᠯᠠᠯᠲᠠ ᠪᠠᠨ ᠪᠡᠶᠡᠯᠡᠭᠦᠯᠬᠦ ᠳᠤ ᠬᠦᠴᠢᠷ ᠵᠡᠷᠭᠡ 3 ᠲᠥᠷᠥᠯ ᠤᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠲᠤᠰᠬᠠᠯ ᠢᠶᠠᠷ ᠬᠠᠮᠤᠭ ᠤᠨ ᠲᠣᠪᠤᠶᠢᠮ᠎ᠠ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠬᠦ ᠳᠤ᠂ ᠥᠪᠡᠷᠲᠡᠭᠡᠨ ᠵᠠᠰᠠᠬᠤ ᠣᠷᠣᠨ ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠢᠢ ᠵᠣᠬᠢᠴᠠᠭᠤᠯᠬᠤ ᠠᠵᠢᠯ ᠤᠨ ᠲᠣᠭᠲᠠᠴᠠ ᠢᠢ ᠪᠠᠶᠢᠭᠤᠯᠵᠤ᠂ 14.7 ᠲᠦᠮᠡᠨ ᠪᠠᠭ᠎ᠠ ᠵᠢᠵᠢᠭ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ 1404 ᠳ᠋ᠦᠩᠰᠢᠭᠤᠷ ᠲᠥᠭᠦᠷᠢᠭ ᠤᠨ ᠢᠲᠡᠭᠡᠮᠵᠢᠳᠤ ᠵᠢᠭᠡᠯᠡᠯᠭᠡ ᠣᠯᠭᠤᠪᠠ᠃ ᠡᠭᠦᠨ ᠤ ᠬᠠᠮᠲᠤ᠂ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠬᠡᠷ ᠪᠠ ᠥᠪᠥᠷ ᠮᠣᠩᠭᠤᠯ ᠤᠨ ᠥᠷᠢ ᠰᠢᠷᠢ ᠶᠢ ᠰᠢᠢᠳᠪᠦᠷᠢᠯᠡᠬᠦ ᠲᠤᠰᠬᠠᠶ ᠠᠩᠭᠢ ᠲᠠᠢ ᠵᠣᠯᠭᠠᠭᠤᠯᠬᠤ ᠪᠠᠷ ᠳᠠᠮᠵᠢᠨ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ ᠬᠠᠪᠰᠤᠷᠤᠨ ᠦᠷᠢ ᠦᠭᠴᠡᠭᠡᠨ ᠤ ᠠᠰᠠᠭᠤᠳᠠᠯ ᠢ ᠰᠢᠢᠳᠪᠦᠷᠢᠯᠡᠬᠦ ᠢᠢᠨ ᠬᠠᠮᠲᠤ᠂ ᠬᠤᠯᠪᠣᠭᠳᠠᠯ ᠪᠥᠬᠦᠶ ᠠᠶᠢᠮᠠᠭ ᠬᠤᠲᠠ᠂ ᠰᠠᠯᠠᠭ᠎ᠠ ᠮᠥᠴᠢᠷ ᠤᠨ ᠬᠤᠳᠠᠯᠳᠤᠭᠠᠴᠢᠨ ᠤᠷᠢᠵᠤ ᠬᠠᠮᠲᠤᠷᠠᠯᠴᠠᠬᠤ ᠬᠡᠯᠡᠯᠴᠡᠭᠡᠷ ᠲᠣᠭᠲᠠᠬᠤ ᠢᠢ ᠲᠦᠷᠭᠡᠳᠭᠡᠨ ᠠᠬᠢᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号