ᠲᠦᠷᠦᠬᠦᠦ ᠤᠯᠠᠷᠢᠯ ᠳᠤ ᠪᠥᠬᠦ ᠤᠯᠤᠰ ᠤᠨ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠭᠤᠤᠯ ᠴᠣᠭᠴᠠ 600 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2025/4/24
   ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 21 ᠤ ᠡᠳᠦᠷ ᠲᠤᠭ᠎ᠠ ᠪᠠᠷᠢᠮᠲᠠ ᠨᠡᠶᠢᠲᠡᠯᠡᠵᠦ᠂ ᠡᠨᠡ ᠵᠢᠯ ᠤᠨ ᠲᠦᠷᠦᠭᠦᠦ ᠤᠯᠠᠷᠢᠯ ᠳᠤ ᠪᠥᠬᠦ ᠤᠯᠤᠰ ᠲᠤ 606.3 ᠲᠦᠮᠡᠨ ᠡᠵᠡᠩᠨᠡᠯᠲᠡ ᠶᠢᠨ ᠭᠤᠤᠯ ᠴᠣᠭᠴᠠ ᠰᠢᠨ᠎ᠡ ᠪᠠᠷ ᠪᠠᠶᠢᠭᠤᠯᠤᠭᠳᠠᠵᠠᠢ᠃ ᠡᠭᠦᠨ ᠳᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ 210 ᠲᠦᠮᠡᠨ ᠡᠷᠦᠬᠡ᠂ ᠰᠢᠨ᠎ᠡ ᠪᠠᠷ ᠪᠠᠶᠢᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 394.9 ᠲᠦᠮᠡᠨ ᠡᠷᠦᠬᠡ᠂ ᠰᠢᠨ᠎ᠡ ᠪᠠᠷ ᠪᠠᠶᠢᠭᠤᠯᠤᠭᠰᠠᠨ ᠲᠠᠷᠢᠶᠠᠴᠢᠨ ᠤ ᠲᠤᠰᠬᠠᠢ ᠬᠤᠷᠰᠢᠶ᠎ᠠ 1.4 ᠲᠦᠮᠡᠨ ᠡᠷᠦᠬᠡ ᠪᠠᠶᠢᠵᠤ᠂ ᠤᠯᠠᠨ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠴᠥᠮ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠢᠯᠡᠷᠡᠭᠰᠡᠨ ᠪᠠᠶᠢᠨ᠎ᠠ᠃   ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ ᠲᠦᠷᠦᠭᠦᠦ ᠤᠯᠠᠷᠢᠯ ᠳᠤ ᠰᠢᠨ᠎ᠡ ᠪᠠᠷ ᠪᠠᠶᠢᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠡᠢ᠃ ᠤᠯᠠᠨ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ ᠡᠨᠡ ᠨᠢ ᠵᠠᠬ᠎ᠠ ᠳᠡᠯᠭᠡᠭᠦᠷ ᠤᠨ ᠵᠢᠱᠢᠯᠲᠡ ᠦᠷᠭᠦᠯᠵᠢᠯᠡᠨ ᠰᠠᠶᠢᠵᠢᠷᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠪᠦᠲᠦᠮᠵᠢᠲᠡᠢ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃   ᠠᠵᠤ ᠦᠢᠯᠡᠰ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃ ᠲᠦᠷᠦᠭᠦᠦ ᠤᠯᠠᠷᠢᠯ ᠳᠤ ᠨᠢᠭᠡᠳᠦᠭᠡᠷ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢ 32.2 ᠲᠦᠮᠡᠨ ᠡᠷᠦᠬᠡ ᠰᠢᠨ᠎ᠡ ᠪᠠᠷ ᠪᠠᠶᠢᠭᠤᠯᠵᠤ᠂ ᠬᠤᠶᠠᠳᠤᠭᠠᠷ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢ 46.8 ᠲᠦᠮᠡᠨ ᠡᠷᠦᠬᠡ ᠰᠢᠨ᠎ᠡ ᠪᠠᠷ ᠪᠠᠶᠢᠭᠤᠯᠵᠤ᠂ ᠭᠤᠷᠪᠠᠳᠤᠭᠠᠷ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢ 527.3 ᠲᠦᠮᠡᠨ ᠡᠷᠦᠬᠡ ᠰᠢᠨ᠎ᠡ ᠪᠠᠷ ᠪᠠᠶᠢᠭᠤᠯᠪᠠ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠲᠠᠩᠰᠠᠨ ᠳᠤ ᠪᠠᠶᠢᠭ᠎ᠠ ︽ᠳᠥᠷᠪᠡᠨ ᠰᠢᠨ᠎ᠡ ᠪᠠᠷ ᠪᠠᠶᠢᠭᠤᠯᠤᠭᠰᠠᠨ︾ ᠠᠵᠤ ᠠᠬᠤᠢ ᠶᠢᠨ ᠠᠵᠤ ᠠᠬᠤᠶᠢᠯᠠᠯ 2491.8 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠠᠵᠤ ᠠᠬᠤᠶᠢᠯᠠᠯ ᠤᠨ ᠪᠥᠬᠦ ᠲᠣᠭᠠᠨ ᠤ 40.1% ᠢᠢ ᠡᠵᠡᠯᠡᠪᠡ᠃   ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠪᠠ ᠭᠠᠷᠬᠤ ᠶᠢ ᠵᠦᠪᠰᠢᠶᠡᠷᠡᠬᠦ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠬᠠᠮᠠᠭᠠᠯᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠪᠤᠯᠤᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号