4 ᠰᠠᠷ᠎ᠠ ᠶᠢᠨ 23 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ | ᠠᠽᠧᠷᠪᠠᠶᠢᠵᠠᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ᠎ᠠ ᠭᠡᠵᠦ | ᠨᠡᠶᠢᠲᠡᠯᠡᠪᠡ᠃ | ᠰᠢ ᠶᠢᠨ ᠫᠢᠩ᠂ ᠵᠣᠷᠢᠯᠲᠠ ᠨᠢᠭᠡᠳᠡᠳ ᠵᠠᠮ ᠢ ᠬᠤᠯᠠ ᠭᠡᠵᠤ ᠴᠦᠬᠦᠷᠡᠳᠡᠭ ᠦᠭᠡᠢ᠃ ᠬᠡᠳᠦ᠋ᠪᠡᠷ ᠳᠡᠯᠡᠬᠡᠢ ᠶᠢᠨ ᠪᠠᠶᠢᠳᠠᠯ | ᠤᠷᠪᠠᠭᠠᠨ ᠬᠥᠷᠪᠡᠭᠡᠨ ᠲᠠᠢ ᠪᠠᠶᠢᠭᠰᠠᠨ ᠴᠤ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠭᠠᠵᠠᠷ ᠵᠦᠢ ᠶᠢᠨ ᠪᠠᠶᠢᠷᠢᠰᠢᠯ ᠳᠤ | ᠬᠢᠵᠠᠭᠠᠷᠯᠠᠬᠳᠠᠬᠰᠠᠨ ᠦᠭᠡᠢ᠂ ᠶᠠᠪᠤᠬᠤ ᠲᠤᠳᠤᠮ ᠪᠠᠬᠢᠵᠢᠪᠡ᠃ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ ᠤᠭ ᠰᠠᠨᠠᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠬᠠᠷᠢᠯᠴᠠᠨ ᠬᠦᠨᠳᠦᠳᠭᠡᠬᠦ᠂ ᠲᠥᠪ ᠭᠤᠣᠯᠴᠢ | ᠰᠢᠳᠤᠷᠭᠤ ᠶᠣᠰᠣ ᠶᠢ ᠡᠷᠬᠢᠮᠯᠡᠬᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠪᠠᠶᠢᠯᠳᠤᠬᠤ | ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ ᠠᠽᠤᠷᠪᠠᠶᠢᠵᠠᠨ ᠤ ᠬᠠᠷᠢᠯᠴᠠᠭ᠎ᠠ ᠳᠤ | ᠬᠠᠨᠳᠤᠵᠤ ᠬᠥᠭᠵᠢᠭᠦᠯᠪᠠ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ | ᠨᠡᠮᠡᠭᠳᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠤᠯᠤᠰ ᠤᠨ | ᠬᠠᠮᠵᠢᠯᠴᠠᠭ᠎ᠠ ᠪᠠᠨ ᠨᠢᠭᠲᠠᠷᠠᠭᠤᠯᠵᠤ᠂ ᠳᠤᠮᠳᠠᠳᠤ ᠠᠽᠧᠷᠪᠠᠶᠢᠵᠠᠨ ᠤ ᠪᠦᠬᠦ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ | ᠬᠠᠭᠤᠳᠠᠰᠤ ᠶᠢ ᠨᠡᠭᠡᠭᠡᠵᠦ᠂ ᠬᠤᠶᠠᠷ ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠦ᠂ ᠬᠤᠶᠠᠷ ᠤᠯᠤᠰ ᠤᠨ | ᠠᠷᠠᠳ ᠲᠦᠮᠡᠨ ᠳᠤ ᠨᠡᠩ ᠰᠠᠶᠢᠳᠤᠷ ᠪᠤᠶᠠᠨ ᠦᠢᠯᠡᠳᠦᠶ᠎ᠡ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ | ᠬᠠᠷᠢᠯᠴᠠᠨ ᠡᠷᠡᠰ ᠳᠡᠮᠵᠢᠯᠴᠡᠬᠦ ᠪᠣᠯ ᠳᠤᠮᠳᠠᠳᠤ ᠠᠽᠧᠷᠪᠠᠶᠢᠵᠠᠨ ᠬᠤᠶᠠᠷ ᠤᠯᠤᠰ ᠤᠨ ᠰᠢᠯᠢᠳᠡᠭ ᠤᠯᠠᠮᠵᠢᠯᠠᠯ ᠪᠣᠯᠬᠤ ᠪᠥᠭᠡᠳ | ᠪᠠᠶᠢᠯᠳᠤᠬᠤ ᠪᠤᠳᠤᠯᠭ᠎ᠠ ᠶᠢᠨ ᠬᠠᠨᠢᠲᠠᠨ ᠪᠣᠯᠤᠭᠰᠠᠨ ᠤ ᠬᠤᠪᠢ ᠳᠤ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ᠃ ᠳᠤᠮᠳᠠᠳᠤ | ᠤᠯᠤᠰ ᠠᠽᠤᠷᠪᠠᠶᠢᠵᠠᠨ ᠤ ᠬᠢᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ ᠪᠣᠯᠤᠨ ᠨᠤᠲᠤᠭ ᠳᠡᠪᠢᠰᠭᠡᠷ ᠤᠨ | ᠪᠦᠷᠢᠨ ᠪᠦᠲᠦᠨ ᠢᠶᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ | ᠦᠷᠭᠦᠯᠵᠢᠯᠡᠨ ᠵᠠᠮᠨᠠᠬᠤ ᠶᠢ ᠳᠡᠮᠵᠢᠨ᠎ᠠ᠃ ᠠᠽᠧᠷᠪᠠᠶᠢᠵᠠᠨ ᠯᠤᠭ᠎ᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ | ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠭᠦᠨ᠎ᠡ᠃ | ᠳᠤᠮᠳᠠᠳᠤ ᠠᠽᠧᠷᠪᠠᠶᠢᠵᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠤᠭᠠᠳ ᠡᠯᠪᠡᠭ ᠪᠠᠶᠠᠯᠢᠭ | ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠶ ᠠᠵᠠ ᠵᠢᠷᠭᠠᠯ ᠣᠯᠭᠤᠪᠠ᠃ | ᠦᠵᠦ ᠲᠥᠯᠥᠪᠯᠡᠭᠡ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠶᠢ | ᠴᠢᠩᠭᠠᠳᠬᠠᠵᠤ᠂ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ | ᠭᠦᠨᠵᠡᠭᠡᠢ ᠠᠭᠤᠳᠠᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠶ᠎ᠡ᠃ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ | ᠵᠠᠯᠠᠭᠤᠴᠤᠳ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠶᠢ ᠵᠣᠷᠢᠭᠵᠢᠭᠤᠯᠤᠨ ᠳᠡᠮᠵᠢᠵᠦ᠂ ᠠᠷᠠᠳ ᠤᠨ ᠰᠡᠳᠭᠢᠯ ᠤᠨ | ᠨᠡᠪᠲᠡᠷᠡᠯᠴᠡᠭᠡ ᠶᠢ ᠠᠬᠢᠭᠤᠯᠵᠤ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭ᠎ᠠ ᠶᠢᠨ ᠰᠠᠭᠤᠷᠢ ᠶᠢ | ᠪᠠᠬᠢᠵᠢᠭᠦᠯᠤᠶᠠ ᠭᠡᠵᠤ ᠴᠢᠬᠤᠯᠠᠴᠢᠯᠠᠪᠠ᠃ | ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠳᠠᠶᠢᠨ ᠨᠢ ᠡᠯ᠎ᠡ ᠤᠯᠤᠰ ᠤᠨ ᠵᠦᠢ ᠶᠣᠰᠣᠨ ᠤ | ᠡᠷᠬᠡ ᠠᠰᠢᠭ ᠢ ᠬᠤᠬᠢᠷᠠᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠪᠳᠡᠵᠦ᠂ ᠳᠡᠯᠡᠬᠡᠢ ᠶᠢᠨ ᠠᠵᠤ | ᠠᠬᠤᠢ ᠶᠢᠨ ᠡᠮᠬᠢ ᠳᠢᠭᠯᠢᠮ ᠢ ᠲᠠᠭᠠᠷᠢᠪᠠ᠃ ᠳᠤᠮᠳᠠᠳᠤ ᠤᠮᠤᠰ ᠳᠤᠷᠠᠲᠠᠶ᠎ᠠ ᠠᠽᠧᠷᠪᠠᠶᠢᠵᠠᠨ ᠲᠠᠢ ᠬᠠᠮᠳᠦ ᠪᠠᠷ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ | ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠲᠤᠰ ᠪᠡᠶ᠎ᠡ ᠶᠢᠨ ᠵᠦᠢ | ᠶᠣᠰᠣᠨ ᠤ ᠡᠷᠬᠡ ᠠᠰᠢᠭ ᠢᠶᠠᠨ ᠡᠷᠡᠰ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ | ᠭᠡᠵᠤ ᠵᠢᠭᠠᠵᠤ ᠭᠠᠷᠭᠠᠪᠠ᠃ | ᠠᠯᠢᠶᠧᠹ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ | ᠠᠵᠤ ᠠᠬᠤᠢ ᠨᠡᠶᠢᠭᠡᠮ ᠲᠦᠷᠭᠡᠨ ᠬᠥᠭᠵᠢᠵᠦ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠤᠨ ᠨᠥᠯᠥᠭᠡ ᠲᠠᠰᠤᠷᠠᠯᠳᠡ ᠦᠭᠡᠢ | ᠳᠡᠭᠡᠭᠰᠢᠯᠡᠪᠡ᠃ ᠬᠡᠳᠦ᠋ᠪᠡᠷ ᠳᠡᠯᠡᠬᠡᠢ ᠳ᠋ᠠᠬᠢᠨ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠣᠷᠣᠰᠢᠵᠤ | ᠪᠠᠶᠢᠭ᠎ᠠ ᠪᠣᠯᠪᠠᠴᠤ ᠠᠽᠧᠷᠪᠠᠶᠢᠵᠠᠨ ᠪᠣᠯᠤᠨ ᠳᠤᠮᠳᠠᠳᠤ ᠤᠯᠤᠰ ᠢᠮᠠᠭᠲᠠ ᠬᠠᠷᠢᠯᠴᠠᠨ ᠬᠦᠨᠳᠦᠳᠭᠡᠵᠦ᠂ ᠬᠠᠷᠢᠯᠴᠠᠨ | ᠢᠲᠡᠭᠡᠯᠴᠡᠵᠦ᠂ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠠᠵᠤ ᠠᠬᠤᠢ ᠠᠷᠠᠯᠵᠢᠶᠠᠨ ᠤ ᠬᠠᠷᠢᠯᠴᠠᠭ᠎ᠠ | ᠲᠦᠷᠭᠡᠨ ᠬᠥᠭᠵᠢᠵᠦ᠂ ᠣᠷᠣᠨ ᠨᠤᠲᠤᠭ ᠤᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠤᠯᠪᠣᠯᠳᠤᠨ ᠨᠡᠪᠲᠡᠷᠡᠯᠴᠡᠬᠦ | ᠠᠵᠢᠯ ᠲᠦᠷᠭᠡᠨ ᠠᠬᠢᠴᠠ ᠲᠠᠢ ᠪᠣᠯᠪᠠ᠃ ᠠᠽᠧᠷᠪᠠᠶᠢᠵᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ | ᠵᠢᠷᠤᠮᠯᠠᠵᠤ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠭᠡᠷ ᠤᠨ ᠰᠠᠯᠵᠤ ᠪᠣᠯᠤᠰᠢ ᠦᠭᠡᠢ ᠨᠢᠭᠡ ᠬᠡᠰᠡᠭ | ᠪᠣᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢᠨ | ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠳᠡᠮᠵᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠤᠨ ᠪᠦᠬᠦ | ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠬᠥᠭᠵᠢᠯ ᠴᠡᠴᠡᠭᠯᠡᠯ ᠳᠤ | ᠠᠰᠢᠭᠲᠠᠢ ᠶᠤᠮ᠂ ᠠᠽᠤᠷᠪᠠᠶᠢᠵᠠᠨ ᠤ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠢᠳᠡᠪᠬᠢᠲᠡᠢ ᠲᠡᠮᠵᠢᠵᠥ ᠪᠠᠶᠢᠨ᠎ᠠ | ᠃ ᠠᠽᠤᠷᠪᠠᠶᠢᠵᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠨᠢᠲᠠᠨ ᠤ ᠬᠠᠷᠢᠯᠴᠠᠭ᠎ᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ | ᠪᠠᠶᠢᠭᠤᠯᠤᠯᠲᠠ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠡᠨᠧᠷᠭᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠭᠡᠵᠦ᠂ ᠲᠦᠷᠦ ᠶᠢᠨ ᠨᠠᠮ ᠵᠢᠴᠢ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ | ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ ᠭᠡᠵᠦ | ᠢᠯᠡᠳᠭᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠪᠣᠯᠤᠨ ᠪᠦᠬᠦᠳᠠ ᠨᠠᠶᠢᠷᠠᠮᠳᠠᠬᠤ ᠠᠽᠧᠷᠪᠠᠶᠢᠵᠠᠨ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠦᠰᠦᠭ | ᠵᠢᠷᠤᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ᠂ ᠬᠠᠤᠯᠢ ᠴᠠᠭᠠᠵᠠ᠂ ᠪᠣᠬᠢᠷᠲᠤᠯ ᠦᠭᠡᠢ | ᠬᠥᠭᠵᠢᠯᠲᠡ᠂ ᠲᠣᠭᠠᠴᠢᠯᠠᠭᠰᠠᠨ ᠠᠵᠤ ᠠᠬᠤᠢ᠂ ᠮᠡᠳᠡᠯᠭᠡ ᠶᠢᠨ ᠥᠮᠴᠢᠯᠡᠯ ᠤᠨ ᠡᠷᠬᠡ᠂ ᠰᠠᠨᠰᠠᠷ ᠤᠨ ᠠᠶᠠᠯᠠᠯ ᠵᠡᠷᠭᠡ | ᠬᠦᠷᠢᠶᠡᠨ ᠳᠠᠬᠢ 20 ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ | ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠠᠯᠢᠶᠧᠹ ᠪᠣᠯᠤᠨ ᠲᠡᠭᠦᠨ ᠤ ᠬᠠᠳᠤᠨ ᠠᠯᠢᠶ᠋ᠸᠧᠠ ᠶᠢ | ᠤᠭᠲᠤᠬᠤ ᠶᠣᠰᠣᠯᠠᠯ ᠶᠠᠪᠤᠭᠤᠯᠪᠠ᠃ | ᠠᠯᠢᠶᠧᠹ ᠬᠦᠷᠴᠤ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠤᠳᠭᠡᠯ ᠲᠡᠪᠰᠢᠬᠦᠯᠪᠠ᠃ ᠰᠢ ᠶᠢᠨ | ᠫᠢᠩ ᠠᠯᠢᠶᠧᠹ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ | ᠠᠽᠧᠷᠪᠠᠶᠢᠵᠠᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ | ᠫᠤᠤ ᠶᠢ 21 ᠳᠤᠤᠭᠠᠷᠭᠠᠪᠠ᠃ ᠠᠯᠢᠶᠧᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠥᠭᠡᠯᠡᠬᠦ ᠴᠡᠷᠢᠭ ᠤᠨ ᠶᠣᠰᠣᠯᠠᠯ ᠤᠨ ᠠᠩᠬᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠡᠳᠦᠷ ᠤᠨ ᠦᠳᠡ ᠳᠤ᠂ ᠰᠢ ᠶᠢᠨ ᠫᠢᠩ ᠪᠣᠯᠤᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ | ᠰᠢᠵᠢᠷ ᠠᠯᠳᠠᠨ ᠲᠢᠩᠬᠢᠮ ᠳᠤ ᠠᠯᠢᠶᠧᠹ ᠪᠤᠯᠤᠨ ᠲᠡᠬᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠬᠢᠯᠭᠠᠨ ᠮᠡᠳᠡᠭᠡ︶ |