ᠯᠢ ᠴᠢᠶᠠᠩ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ | ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠬᠤᠶᠠᠷ ᠢ | ᠬᠦᠷᠢᠶᠡᠯᠡᠬᠦ ᠠᠵᠢᠯ ᠳᠤ ᠴᠢᠬᠤᠯᠠ ᠵᠢᠭᠠᠪᠤᠷᠢ ᠥᠭᠴᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ᠂ | ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠠᠷᠠᠳ | ᠲᠦᠮᠡᠨ ᠤ ᠰᠢᠯᠢᠳᠡᠭ ᠤᠯᠠᠮᠵᠢᠯᠠᠯ ᠪᠠ ᠣᠨᠴᠠᠭᠠᠶ ᠤᠯᠤᠰ ᠲᠥᠷᠥ ᠶᠢᠨ ᠳᠠᠪᠠᠭᠤᠯᠢᠭ ᠮᠥᠨ᠃ ᠰᠢᠨ᠎ᠡ ᠠᠶᠠᠨ ᠳᠤ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠲᠣᠭᠲᠡᠴᠡ ᠶᠢ ᠲᠡᠭᠦᠯᠳᠡᠷᠵᠢᠭᠦᠯᠵᠦ᠂ ᠬᠤᠶᠠᠷ ᠢ | ᠬᠦᠷᠢᠶᠡᠯᠡᠬᠦ ᠠᠵᠢᠯ ᠤᠨ ᠲᠠᠰᠤᠷᠠᠯᠲᠠ ᠥᠬᠡᠶ ᠰᠢᠨ᠎ᠡ ᠳᠠᠪᠰᠢᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠶ ᠭᠡᠵᠤ ᠵᠢᠭᠠᠵᠤ | ᠭᠠᠷᠭᠠᠵᠠᠢ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠴᠡᠷᠢᠭ ᠠᠩᠭᠢ ᠶᠢᠨ ᠪᠥᠲᠥᠭᠡᠨ | ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠵᠦ᠂ ᠥᠷᠭᠡᠨ ᠣᠯᠠᠨ ᠳᠠᠷᠤᠭ᠎ᠠ ᠪᠠᠶᠢᠯᠳᠤᠭᠴᠢ ᠶᠢᠨ | ᠬᠦᠴᠢᠷ ᠵᠣᠪᠠᠭᠤᠷᠢ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ ᠥᠭᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠬᠥᠮᠦᠨ ᠢ ᠬᠦᠨᠳᠦᠳᠭᠡᠬᠦ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠬᠡᠷᠡᠭᠲᠡᠶ᠃ ᠴᠡᠷᠢᠭ ᠠᠩᠭᠢ ᠵᠣᠷᠢᠯᠲᠠ ᠶᠢᠨ ᠤᠬᠠᠮᠰᠠᠷ ᠢᠶᠠᠨ ᠪᠠᠲᠤ ᠪᠤᠢ | ᠪᠣᠯᠭᠠᠵᠤ᠂ ᠣᠷᠣᠨ ᠨᠤᠲᠤᠭ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠢᠳᠡᠪᠬᠢᠲᠡᠢ ᠳᠡᠮᠵᠢᠵᠦ᠂ ᠪᠣᠳᠠᠲᠤ | ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠪᠤᠶᠠᠨ ᠦᠢᠯᠡᠳᠴᠦ ᠠᠰᠢᠭ ᠬᠦᠷᠲᠡᠭᠡᠬᠦ ᠬᠡᠷᠡᠭᠲᠡᠢ᠃ ᠴᠡᠷᠢᠭ ᠠᠩᠭᠢ ᠣᠷᠣᠨ | ᠨᠤᠲᠤᠭ ᠬᠤᠶᠠᠷ ᠲᠠᠯ᠎ᠠ ᠪᠠᠷ ᠢᠶᠠᠨ ᠨᠢᠭᠲᠠ ᠬᠠᠮᠵᠢᠯᠴᠠᠵᠤ᠂ ᠴᠡᠷᠢᠭ ᠵᠠᠰᠠᠭ ᠴᠡᠷᠢᠭ ᠠᠷᠠᠳ ᠤᠨ ᠪᠠᠲᠤ ᠪᠠᠬᠢ ᠪᠦᠯᠬᠦᠮᠳᠡᠯ ᠢ | ᠪᠠᠬᠢᠵᠢᠭᠦᠯᠦᠨ ᠬᠥᠭᠵᠢᠭᠦᠯᠵᠦ᠂ ᠠᠷᠠᠳ ᠲᠦᠮᠡᠨ ᠢᠶᠠᠨ ᠬᠠᠶᠢᠷᠠᠯᠠᠬᠤ ᠴᠡᠷᠢᠭ ᠢᠶᠠᠨ ᠬᠠᠶᠢᠷᠠᠯᠠᠬᠤ ᠴᠠᠭ ᠦᠶ᠎ᠡ ᠶᠢᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ 4 ᠰᠠᠷ᠎ᠠ ᠶᠢᠨ | 23 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ | ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠪᠣᠯ ᠨᠠᠮ ᠠᠴᠠ ᠬᠤᠶᠠᠷ ᠢ ᠬᠦᠷᠢᠶᠡᠯᠡᠬᠦ ᠠᠵᠢᠯ ᠢ ᠤᠳᠤᠷᠢᠳᠤᠭᠰᠠᠨ ᠲᠡᠦᠬᠡᠨ | ᠲᠤᠷᠰᠢᠯᠭ᠎ᠠ ᠶᠢᠨ ᠳ᠋ᠦᠩᠨᠡᠯᠲᠡ ᠪᠠ ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠪᠠᠶᠢᠵᠤ᠂ ᠰᠢᠨ᠎ᠡ ᠴᠠᠭ ᠦᠶ᠎ᠡ | ᠰᠢᠨ᠎ᠡ ᠠᠶᠠᠨ ᠳᠤ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠤᠢᠭᠡᠢ | ᠡᠭᠦᠳᠬᠦ ᠬᠡᠷᠡᠭᠲᠡᠶ ᠭᠡᠵᠤ ᠵᠢᠭᠠᠵᠤ ᠭᠠᠷᠭᠠᠵᠠᠢ᠃ | ᠯᠢ ᠴᠢᠶᠠᠩ᠂ ᠤᠢᠢᠷ᠎ᠠ ᠶᠢᠨ ᠵᠢᠯ ᠠᠴᠠ᠂ ᠴᠡᠷᠢᠭ ᠠᠩᠬᠢ ᠪᠠ ᠣᠷᠣᠨ ᠨᠤᠲᠤᠭ ᠤᠨ ᠡᠯ᠎ᠡ ᠱᠠᠲᠤ ᠡᠯ᠎ᠡ | ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠢ ᠬᠦᠷᠢᠶᠡᠯᠡᠬᠦ ᠠᠵᠢᠯ ᠢᠳᠡᠪᠬᠢᠲᠡᠢ ᠠᠬᠢᠴᠠ ᠲᠠᠢ ᠪᠤᠯᠵᠤ᠂ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠤᠨ ᠰᠢᠰᠲᠤᠮ ᠨᠡᠩ ᠪᠦᠷᠢᠨᠰᠢᠵᠤ᠂ ᠨᠡᠶᠢᠭᠡᠮ ᠤᠨ ᠴᠡᠷᠢᠭ ᠢ | ᠬᠦᠷᠢᠶᠡᠯᠡᠬᠦ ᠵᠣᠬᠢᠶᠠᠨ ᠪᠠᠶᠢᠭᠤᠯᠤᠯᠲᠠ ᠪᠠ ᠦᠢᠯᠡᠴᠢᠯᠡᠭᠡᠨ ᠤ ᠲᠣᠣᠷ ᠨᠡᠩ ᠲᠡᠭᠦᠯᠳᠡᠷᠵᠢᠵᠦ᠂ ᠪᠦᠬᠦ ᠴᠡᠷᠢᠭ | ᠠᠩᠬᠢ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠳᠤ ᠢᠳᠡᠪᠬᠢᠲᠡᠢ ᠣᠷᠣᠯᠴᠠᠵᠤ᠂ ᠠᠶᠤᠯ ᠭᠠᠮᠰᠢᠭ ᠠᠴᠠ ᠠᠪᠤᠷᠠᠬᠤ᠂ | ᠳᠤᠮᠳᠠᠳᠤ ᠶᠢᠨ ᠬᠠᠷᠢᠶᠠᠲᠤ ᠨᠠᠷ ᠤᠨ ᠪᠤᠴᠠᠵᠤ ᠭᠠᠷᠬᠤ ᠠᠶᠠᠯᠠᠯ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠵᠤ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ᠃ ᠣᠳᠣᠬᠠᠨ ᠤ ᠪᠠ ᠬᠤᠶᠢᠰᠢᠳᠠ ᠶᠢᠨ | ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ | ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠬᠤᠶᠠᠷ ᠢ ᠬᠦᠷᠢᠶᠡᠯᠡᠬᠦ ᠠᠵᠢᠯ ᠨᠢ ᠴᠡᠷᠢᠭ ᠠᠩᠭᠢ ᠪᠠ ᠣᠷᠣᠨ ᠨᠤᠲᠤᠭ ᠲᠠᠢ | ᠬᠠᠷᠢᠯᠴᠠᠵᠤ᠂ ᠴᠡᠷᠢᠭ ᠠᠷᠠᠳ ᠢ ᠪᠦᠯᠬᠦᠮᠳᠡᠭᠦᠯᠵᠤ᠂ ᠰᠡᠳᠭᠢᠯ ᠢ ᠨᠢᠭᠡᠳᠭᠡᠨ ᠬᠦᠴᠦ ᠶᠢ ᠬᠠᠮᠲᠤᠳᠬᠠᠬᠤ ᠴᠢᠬᠤᠯᠠ | ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ ᠢ ᠬᠤᠣᠰ ᠴᠢᠭᠯᠡᠯ ᠢᠶᠠᠷ ᠳᠡᠮᠵᠢᠬᠦ | ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | ᠯᠢ ᠴᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠤᠬᠠᠮᠰᠠᠷ ᠪᠣᠯᠤᠨ ᠪᠦᠬᠦ ᠲᠠᠯ᠎ᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ | ᠪᠣᠯᠤᠨ ᠥᠭᠡᠷᠡᠴᠢᠯᠡᠯᠲᠡ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠵᠤ᠂ ᠴᠡᠷᠢᠭ ᠠᠩᠬᠢ ᠪᠣᠯᠤᠨ ᠣᠷᠣᠨ ᠨᠤᠲᠤᠭ ᠤᠨ ᠬᠠᠮᠵᠢᠯᠴᠠᠭ᠎ᠠ ᠶᠢ ᠨᠢᠭᠲᠠᠷᠠᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠬᠡᠷᠡᠭᠲᠡᠢ᠃ ᠠᠯᠪᠠᠨ ᠳᠤ ᠪᠠᠶᠢᠭ᠎ᠠ ᠴᠡᠷᠢᠭ ᠪᠣᠯᠤᠨ ᠠᠯᠪᠠ ᠠᠴᠠ ᠬᠠᠯᠠᠭᠳᠠᠭᠰᠠᠨ | ᠴᠡᠷᠢᠭ ᠤᠨ ᠪᠣᠳᠠᠲᠠᠶ ᠬᠡᠷᠡᠭᠴᠡᠭᠡ ᠶᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠦᠢᠯᠡᠴᠢᠯᠡᠭᠡ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠴᠡᠷᠢᠭ ᠬᠥᠮᠦᠨ ᠤ ᠬᠠᠯᠠᠮᠵᠢᠯᠠᠵᠤ ᠪᠠᠶᠢᠭ᠎ᠠ ᠦᠷ᠎ᠡ | ᠬᠡᠦᠬᠡᠳ ᠤᠨ ᠬᠢᠨᠢ ᠰᠤᠷᠭᠠᠨ ᠬᠥᠮᠦᠵᠢᠯ᠂ ᠬᠡᠷ ᠪᠦᠯᠢ ᠶᠢᠨ ᠬᠢᠨ ᠤ ᠠᠵᠢᠯ ᠣᠯᠭᠤᠯᠲᠠ᠂ ᠡᠴᠢᠭᠡ ᠡᠬᠡ ᠶᠢᠨ ᠬᠢᠨᠢ | ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠢ ᠴᠢᠩ ᠰᠡᠳᠭᠢᠯ ᠠᠴᠠ ᠪᠠᠨ ᠬᠠᠪᠰᠤᠷᠤᠨ ᠰᠢᠢᠳᠪᠦᠷᠢᠯᠡᠵᠦ᠂ ᠴᠡᠷᠢᠭ ᠤᠨ | ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠵᠢᠯ ᠣᠯᠵᠤ ᠦᠢᠯᠡᠰ ᠪᠤᠰᠬᠠᠬᠤ᠂ ᠠᠰᠠᠷᠠᠮᠵᠢ ᠬᠠᠷᠠᠭᠠᠯᠵᠠᠯ ᠪᠠ | ᠬᠦᠴᠢᠷᠳᠡᠯ ᠢ ᠨᠢ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠴᠡᠷᠢᠭ | ᠠᠩᠭᠢ ᠶᠢᠨ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ | ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠶᠢ ᠳᠡᠮᠵᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ | ᠣᠷᠣᠨ ᠨᠤᠲᠤᠭ ᠲᠤ ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠠᠮᠤᠷ ᠠᠮᠤᠭᠤᠯᠠᠩ ᠲᠣᠭᠲᠠᠭᠤᠨ ᠢ ᠬᠠᠮᠠᠭᠠᠯᠠᠬᠤ ᠵᠡᠷᠭᠡ | ᠲᠠᠯ᠎ᠠ ᠪᠠᠷ ᠨᠠᠩ ᠶᠡᠭᠡ ᠦᠢᠯᠡᠳᠦᠯ ᠦᠵᠡᠭᠦᠯᠬᠦ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠬᠦᠨᠵᠡᠭᠡᠶᠢᠷᠡᠬᠦᠯᠬᠦ ᠳᠤᠮᠳᠠ ᠬᠤᠶᠠᠷ ᠢ ᠬᠦᠷᠢᠶᠡᠯᠡᠬᠦ ᠠᠵᠢᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ | ᠂ ᠵᠣᠬᠢᠶᠠᠨ ᠪᠠᠶᠢᠭᠤᠯᠵᠤ ᠤᠳᠤᠷᠢᠳᠬᠤ ᠲᠣᠭᠲᠡᠴᠡ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠵᠢᠱᠢᠶᠡᠴᠢ ᠶᠢ | ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ ᠨᠡᠶᠢᠭᠡᠮ ᠤᠨ ᠰᠠᠭᠤᠷᠢ ᠶᠢ ᠪᠠᠬᠢᠵᠢᠭᠦᠯᠦᠨ | ᠥᠷᠭᠡᠳᠭᠡᠵᠦ᠂ ᠨᠠᠮ ᠤᠨ ᠲᠥᠪ ᠬᠤᠷᠢᠶ᠎ᠠ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠶᠡᠭᠡ ᠬᠤᠷᠠᠯ ᠠᠴᠠ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠢᠢ ᠨᠡᠷᠡᠶᠢᠳᠬᠦ ᠲᠤᠬᠠᠶ | ᠲᠣᠭᠲᠠᠭᠠᠯ ᠢ ᠤᠩᠰᠢᠨ ᠨᠡᠶᠢᠲᠡᠯᠡᠵᠦ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠢᠢᠨ | ᠲᠥᠯᠥᠭᠡᠯᠡᠭᠴᠢ ᠳᠤ ᠱᠠᠩᠨᠠᠯ ᠤᠯᠭᠤᠪᠠ᠃ ᠬᠤᠯᠪᠣᠭᠳᠠᠯ ᠪᠦᠬᠦᠢ ᠴᠡᠷᠢᠭ ᠠᠩᠭᠢ ᠪᠠ ᠣᠷᠣᠨ ᠨᠤᠲᠤᠭ ᠤᠨ ᠲᠥᠯᠥᠭᠡᠯᠡᠭᠴᠢ | ᠦᠭᠡ ᠬᠡᠯᠡᠪᠡ᠃ | ᠱᠢ ᠲᠠᠢ ᠹᠧᠩ᠂ ᠯᠢ ᠱᠤ᠋ ᠯᠸᠢ᠂ ᠵᠠᠩ ᠶᠢᠦ ᠰᠢᠶᠠ᠂ ᠸᠠᠩ ᠳ᠋ᠦᠩ ᠮᠢᠩ᠂ ᠦ᠋ ᠵᠧᠩ ᠯᠦᠩ᠂ ᠱᠧᠨ ᠶᠤᠸᠠᠢ ᠶᠤᠸᠠᠢ | ᠶᠡᠭᠡ ᠬᠤᠷᠠᠯ ᠳᠤ ᠣᠷᠣᠯᠴᠠᠪᠠ᠃ ᠱᠧᠨ ᠢ ᠴᠢᠨ ᠶᠡᠭᠡ ᠬᠤᠷᠠᠯ ᠢ ᠡᠷᠬᠢᠯᠡᠵᠡᠢ᠃ | ᠨᠡᠷᠡᠶᠢᠳᠦᠭᠳᠡᠭᠰᠡᠨ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ ᠲᠥᠯᠥᠭᠡᠯᠡᠭᠴᠢ᠂ | ᠪᠥᠬᠦ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠴᠡᠷᠢᠭ ᠠᠩᠭᠢ ᠪᠠ | ᠣᠷᠣᠨ ᠨᠤᠲᠤᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠶᠠᠷ ᠢ | ᠬᠦᠷᠢᠶᠡᠯᠡᠬᠦ ᠠᠵᠢᠯ ᠤᠨ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠣᠷᠣᠯᠴᠠᠵᠠᠶ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠬᠢᠯᠭᠠᠨ ᠮᠡᠳᠡᠭᠡ︶ |