4 ᠰᠠᠷ᠎ᠠ ᠶᠢᠨ 22 ᠤᠨ ᠡᠳᠦᠷ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠣᠯᠣᠨ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠲᠤᠷᠠᠨ ᠦᠢᠯᠡᠳᠦᠭᠰᠡᠨ ︽ᠰᠢ ᠶᠢᠨ ᠫᠢᠩ ᠤᠨ ᠠᠵᠤ | ᠠᠬᠤᠢ ᠶᠢᠨ ᠦᠵᠡᠯ ᠰᠠᠨᠠᠭᠠᠨ ᠤ ᠰᠢᠷᠢᠰ ᠲᠠᠶᠢᠯᠤᠮᠵᠢ︾ ᠫᠷᠣᠭ᠍ᠷᠠᠮ ᠤᠨ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠳᠤ | ᠶᠠᠪᠤᠭᠳᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠮᠠᠨ ᠤ ᠤᠯᠤᠰ ᠤᠨ | ᠠᠵᠤ ᠠᠬᠤᠢ ᠶᠢᠨ ᠬᠥᠭᠵᠢᠯᠲᠡ ᠶᠢᠨ ᠲᠡᠦᠬᠡᠨ ᠲᠤᠷᠰᠢᠯᠭ᠎ᠠ ᠶᠢ ᠰᠢᠨᠵᠢᠯᠡᠬᠦ ᠤᠬᠠᠭᠠᠨᠴᠢ ᠪᠠᠷ ᠳ᠋ᠦᠩᠨᠡᠵᠦ᠂ ᠠᠵᠤ ᠠᠬᠤᠢ ᠶᠢᠨ | ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠬᠡᠷᠬᠢᠨ ᠪᠡᠶᠡᠯᠡᠭᠦᠯᠬᠦ ᠶᠢᠨ ᠲᠤᠭᠤᠷᠢᠨ ᠳᠤ᠂ ᠠᠯᠢ ᠤᠯᠠᠨ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯᠲᠡ᠂ ᠰᠢᠨ᠎ᠡ | ᠨᠤᠲᠠᠯᠠᠯᠲᠠ ᠶᠢ ᠪᠦᠲᠦᠭᠡᠯᠴᠢ ᠪᠠᠷ ᠳᠤᠷᠠᠳᠤᠨ ᠭᠠᠷᠭᠠᠵᠤ᠂ ᠠᠵᠤ ᠠᠬᠤᠢ ᠶᠢᠨ ᠬᠥᠭᠵᠢᠯᠲᠡ ᠶᠢ ᠬᠡᠷᠬᠢᠨ ᠪᠦᠬᠦ ᠲᠠᠯ᠎ᠠ ᠪᠠᠷ | ᠲᠦᠯᠬᠢᠨ ᠠᠬᠢᠭᠤᠯᠬᠤ ᠴᠢᠬᠤᠯᠠ ᠶᠡᠭᠡ ᠠᠰᠠᠭᠤᠳᠠᠯ ᠳᠤ ᠬᠠᠷᠢᠭᠤᠯᠲᠠ ᠥᠭᠴᠦ᠂ ᠰᠢᠰᠲ᠋ᠧᠮ ᠴᠢᠩᠭ᠎ᠠ ᠨᠢᠭᠳᠠ᠂ ᠥᠷᠭᠡᠨ | ᠳᠡᠯᠭᠡᠷ ᠭᠦᠨ ᠭᠦᠨᠵᠡᠭᠡᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠦᠷᠢᠯᠳᠦᠭᠦᠯᠵᠡᠢ᠃ ᠬᠤᠷᠠᠯ ᠳᠤ | ᠣᠷᠣᠯᠴᠠᠭᠰᠠᠨ ᠬᠦᠨᠳᠦᠲᠦ ᠵᠣᠴᠢᠳ᠂ ︽ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠰᠢᠷᠢᠰ ᠲᠠᠶᠢᠯᠤᠮᠵᠢ︾ | ᠪᠣᠯ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠰᠢᠰᠲ᠋ᠤᠮ ᠲᠠᠢ ᠲᠠᠶᠢᠯᠪᠤᠷᠢᠯᠠᠭᠰᠠᠨ ᠠᠩᠬᠠᠳᠠᠭᠴᠢ | ᠲᠧᠯᠸᠢᠰ ᠲᠤᠰᠬᠠᠢ ᠰᠡᠳᠦᠪᠲᠦ ᠹᠢᠯᠢᠮ ᠪᠣᠯᠣᠨ᠎ᠠ᠃ ᠫᠷᠣᠭ᠍ᠷᠠᠮ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠵᠡᠷᠭᠡ | ᠴᠢᠬᠤᠯᠠ ᠥᠭᠦᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠤ᠂ ᠡᠭᠦᠨ ᠳᠤ ᠠᠭᠤᠯᠤᠭᠳᠠᠵᠤ ᠪᠠᠶᠢᠭ᠎ᠠ ᠡᠷᠡᠰ ᠪᠠᠲᠤ ᠬᠦᠰᠡᠯᠡᠩ | ᠢᠲᠡᠭᠡᠯ ᠪᠢᠰᠢᠷᠡᠯ᠂ ᠢᠯᠡ ᠲᠣᠳᠣ ᠤᠯᠤᠰ ᠲᠥᠷᠥ ᠶᠢᠨ ᠤᠳᠤᠷᠢᠳᠤᠮᠵᠢ᠂ ᠠᠯᠤᠰ ᠬᠡᠳᠦ ᠶᠢᠨ ᠪᠠᠶᠢᠯᠳᠤᠬᠤ ᠪᠣᠳᠣᠯᠭ᠎ᠠ ᠶᠢᠨ | ᠰᠡᠳᠬᠢᠮᠵᠢ᠂ ᠪᠠᠲᠦ ᠴᠢᠩᠭ᠎ᠠ ᠲᠡᠦᠬᠡᠨ ᠬᠠᠷᠢᠭᠤᠴᠠᠯᠭ᠎ᠠ᠂ ᠠᠷᠠᠳ ᠲᠦᠮᠡᠨ ᠤ ᠦᠨᠡᠨᠴᠢ ᠬᠠᠶᠢᠷ᠎ᠠ ᠰᠡᠳᠬᠢᠯᠭᠡ ᠪᠠ ᠰᠢᠨᠵᠢᠯᠡᠬᠦ | ᠤᠬᠠᠭᠠᠨᠴᠢ ᠦᠵᠡᠯ ᠰᠠᠨᠠᠭᠠᠨ ᠤ ᠠᠷᠭ᠎ᠠ ᠶᠢ ᠭᠦᠨᠵᠡᠭᠡᠢ ᠲᠠᠶᠢᠯᠪᠤᠷᠢᠯᠠᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ | ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠵᠤ | ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠶᠢ | ᠰᠢᠰᠲ᠋ᠤᠮ ᠲᠠᠢ ᠡᠮᠬᠢᠯᠡᠵᠦ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠴᠠᠭ ᠦᠶ᠎ᠡ ᠶᠢᠨ ᠣᠨᠴᠠᠯᠢᠭ᠂ | ᠤᠨᠤᠯ ᠤᠨ ᠦᠷᠳᠡᠭ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠪᠦᠬᠦ ᠲᠠᠯ᠎ᠠ ᠪᠠᠷ ᠢᠯᠡᠷᠡᠭᠦᠯᠵᠦ᠂ ᠪᠦᠬᠦ | ᠨᠡᠶᠢᠭᠡᠮ ᠢᠶᠠᠷ ᠢᠶᠠᠨ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠬᠤ ᠳᠤ ᠠᠮᠢᠳᠤᠯᠢᠭ | ᠵᠢᠭᠠᠬᠤ ᠮᠠᠲ᠋ᠧᠷᠢᠶᠠᠯ ᠬᠠᠩᠭᠠᠵᠠᠢ ᠭᠡᠵᠦ ᠢᠯᠡᠳᠭᠡᠪᠡ᠃ | ︽ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠰᠢᠷᠢᠰ ᠲᠠᠶᠢᠯᠤᠮᠵᠢ︾ ᠶᠢ ᠣᠶᠢᠷ᠎ᠠ ᠳᠤ ᠲᠥᠪ | ᠲᠧᠯᠸᠢᠰ ᠤᠨ ᠡᠳ᠋ ᠤᠨ ᠵᠠᠰᠠᠭ ᠠᠵᠤ ᠠᠬᠤᠢ ᠶᠢᠨ ᠰᠤᠪᠠᠭ ᠲᠤ ᠠᠩᠬ᠎ᠠ ᠨᠠᠪᠲᠠᠷᠡᠭᠦᠯᠵᠦ᠂ ᠲᠥᠪ ᠲᠧᠯᠸᠢᠰ ᠤᠨ ᠰᠣᠨᠢᠨ | ᠮᠡᠳᠡᠭᠡ᠂ ᠲᠥᠪ ᠤᠨ ᠸᠢᠳᠢᠤ᠋᠂ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠢ᠂ ᠲᠥᠪ ᠲᠧᠯᠸᠢᠰ ᠤᠨ ᠰᠦᠯᠵᠢᠶ᠎ᠡ | ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠵᠡᠷᠭᠡ ᠪᠠᠷ ᠨᠠᠪᠲᠠᠷᠡᠭᠦᠯᠵᠦ᠂ ᠴᠢᠩᠭ᠎ᠠ ᠲᠤᠰᠬᠠᠯ ᠭᠠᠷᠭᠠᠵᠠᠢ᠃ ᠲᠣᠰ | ᠫᠷᠣᠭ᠍ᠷᠠᠮ ᠢ 4 ᠰᠠᠷ᠎ᠠ ᠶᠢᠨ 16 ᠪᠠ 4 ᠰᠠᠷ᠎ᠠ ᠶᠢᠨ 17 ᠤ ᠡᠳᠦᠷ ᠠᠴᠠ ᠡᠬᠢᠯᠡᠨ ᠲᠥᠪ ᠲᠧᠯᠸᠢᠰ ᠤᠨ ᠶᠡᠷᠦᠩᠬᠡᠶᠢᠯᠡᠭᠰᠡᠨ | ᠰᠤᠪᠠᠭ ᠪᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠤᠪᠠᠭ ᠲᠤ ᠲᠣᠰ ᠲᠣᠰ ᠳᠠᠬᠢᠨ ᠨᠡᠪᠲᠡᠷᠡᠭᠦᠯᠪᠡ᠃ ︽ | ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠰᠢᠷᠢᠰ ᠲᠠᠶᠢᠯᠤᠮᠵᠢ︾ ᠲᠧᠯᠸᠢᠰ ᠲᠤᠰᠬᠠᠢ ᠰᠡᠳᠦᠪᠲᠦ | ᠹᠢᠯᠢᠮ ᠤᠨ ᠲᠤᠪᠬᠢᠮᠠᠯ ᠢ ᠴᠦ ᠡᠮᠬᠢᠳᠬᠡᠨ ᠬᠡᠪᠯᠡᠭᠦᠯᠬᠦ ᠪᠠᠷ ᠪᠠᠶᠢᠨ᠎ᠠ᠃ |