ᠳᠥᠷᠥᠯᠵᠢ ᠪᠠᠯᠭᠠᠰᠤᠨ ᠤ ᠰᠢᠶᠠᠨ ᠭᠤᠸᠠᠩ ᠭᠠᠴᠠᠭ᠎ᠠ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠪᠢᠳᠡᠨ ᠤ ᠲᠠᠪᠴᠠᠩ︾ ᠤᠨ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/25
   ᠮᠠᠯᠴᠢᠨ ᠲᠠᠷᠢᠶᠠᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠶᠣᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠪᠣᠯᠪᠠᠰᠤᠨ ᠤ ᠰᠢᠨ᠎ᠡ ᠬᠡᠪ ᠰᠤᠷᠲᠠᠯ ᠢ ᠳᠠᠮᠵᠢᠭᠤᠯᠵᠤ᠂ ᠡᠷᠡᠭᠦᠯ ᠴᠢᠭᠢᠷᠠᠭ᠂ ᠪᠠᠶᠠᠷ ᠪᠠᠶᠠᠰᠬᠤᠯᠠᠩ ᠲᠠᠢ᠂ ᠡᠶ᠎ᠡ ᠵᠣᠬᠢᠴᠠᠩᠭᠤᠢ᠂ ᠢᠳᠡᠪᠬᠢᠲᠡᠢ ᠰᠣᠶᠣᠯ ᠤᠨ ᠠᠭᠤᠷ ᠠᠮᠢᠰᠬᠤᠯ ᠢ ᠪᠣᠢ ᠪᠣᠯᠭᠠᠵᠤ᠂ ᠤᠮᠠᠷᠠᠲᠤ ᠬᠢᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠶᠢᠨ ᠲᠥᠯᠥᠭᠡ᠂ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠥᠷᠥᠯᠵᠢ ᠪᠠᠯᠭᠠᠰᠤᠨ ᠤ ᠰᠢᠶᠠᠨ ᠭᠤᠸᠠᠩ ᠭᠠᠴᠠᠭ᠎ᠠ ᠳᠤ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠬᠥᠳᠡᠭᠡ ᠲᠣᠰᠬᠤᠨ · ᠪᠢᠳᠡᠨ ᠤ ᠲᠠᠪᠴᠠᠩ︾ ᠤᠨ ᠮᠠᠯᠴᠢᠨ ᠲᠠᠷᠢᠶᠠᠴᠢᠨ ᠤ ᠤᠳᠬ᠎ᠠ ᠤᠷᠠᠯᠢᠭ ᠤᠨ ᠠᠵᠢᠯᠯᠠᠭ᠎ᠠ᠂ ︽ᠤᠯᠤᠰ ᠢᠶᠠᠨ ᠬᠦᠴᠦᠷᠬᠡᠭᠵᠢᠭᠦᠯᠬᠦ ᠰᠡᠷᠭᠦᠨ ᠮᠠᠨᠳᠤᠭᠤᠯᠬᠤ ᠳᠤ ᠪᠢ ᠪᠠᠶᠢᠬᠤ︾ ᠣᠯᠠᠨ ᠲᠦᠮᠡᠨᠴᠢ ᠴᠢᠨᠠᠷᠲᠠᠢ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠣᠯᠠᠨ ᠳᠤ ︽ᠭᠡᠷ ᠤᠨ ᠡᠭᠦᠳᠡ︾ ᠶᠢᠨ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃    ᠪᠠᠶᠠᠷ ᠬᠦᠷ ᠲᠠᠢ ᠰᠣᠯᠣᠩᠭᠤᠰ ᠦᠨᠳᠦᠰᠦᠲᠡᠨ ᠤ ᠪᠥᠵᠢᠭ ᠲᠤ ᠬᠥᠰᠢᠭᠡ ᠪᠠᠨ ᠰᠡᠬᠦᠵᠦ᠂ ᠪᠥᠵᠢᠭᠴᠢᠳ ᠤᠨ ᠲᠣᠯᠣᠭᠠᠢ ᠪᠠᠨ ᠴᠢᠮᠡᠭᠯᠡᠯ ᠤᠨ ᠮᠠᠯᠠᠭᠠᠢ ᠵᠡᠭᠦᠵᠦ᠂ ᠳᠠᠭᠤᠤ ᠬᠥᠭᠵᠢᠮ ᠤᠨ ᠲᠦᠷᠭᠡᠨ ᠡᠷᠭᠢᠯᠲᠡ ᠶᠢ ᠳᠠᠭᠠᠯᠳᠤᠨ᠂ ᠥᠩᠭᠡᠲᠦ ᠪᠦᠰᠡ ᠨᠢ ᠠᠭᠠᠷ ᠲᠤ ᠭᠤᠶᠢᠳᠠ ᠰᠠᠶᠢᠬᠠᠨ ᠨᠣᠮᠣᠨ ᠱᠤᠭᠤᠮ ᠭᠠᠷᠭᠠᠵᠤ᠂ ᠭᠱᠠᠨ ᠵᠠᠭᠤᠷ᠎ᠠ ᠪᠦᠬᠦ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠪᠡ᠃ ᠳᠠᠷᠠᠭ᠎ᠠ ᠨᠢ᠂ ᠥᠪᠡᠷᠮᠢᠴᠡ ᠣᠨᠴᠠᠯᠢᠭ ᠲᠠᠢ ᠤᠷᠲᠤ ᠵᠣᠷᠢᠭᠵᠢᠭᠤᠯᠤᠯ ᠤᠨ ᠲᠣᠭᠯᠠᠯᠲᠠ ᠨᠢ ᠡᠩ ᠲᠡᠷᠢᠭᠦᠨ ᠳᠤ ᠲᠠᠯᠠᠪᠠᠢ ᠳᠤ ᠭᠠᠷᠴᠤ᠂ ᠪᠥᠵᠢᠭᠴᠢᠳ ᠤᠷᠲᠤ ᠬᠡᠩᠭᠡᠷᠭᠡ ᠪᠠᠨ ᠡᠷᠭᠦᠵᠦ᠂ ᠬᠡᠩᠭᠡᠷᠭᠡ ᠪᠠᠨ ᠬᠠᠩᠭᠢᠨᠠᠭᠤᠯᠵᠤ᠂ ᠪᠥᠵᠢᠭ ᠤᠨ ᠠᠯᠬᠤᠭ᠎ᠠ ᠪᠠᠨ ᠬᠥᠩᠭᠡᠪᠴᠢᠯᠡᠵᠦ᠂ ᠪᠥᠵᠢᠭ ᠤᠨ ᠲᠠᠯ᠎ᠠ ᠪᠠᠷ ᠳᠠᠷᠤᠵᠤ᠂ ᠬᠡᠩᠭᠡᠷᠭᠡ ᠪᠠᠨ ᠬᠠᠩᠭᠢᠨᠠᠲᠠᠯ᠎ᠠ ᠳᠡᠯᠡᠳᠴᠦ᠂ ᠰᠣᠯᠣᠩᠭᠤᠰ ᠦᠨᠳᠦᠰᠦᠲᠡᠨ ᠤ ᠠᠷᠠᠳ ᠲᠦᠮᠡᠨ ᠤ ᠬᠠᠯᠠᠭᠤᠨ ᠰᠡᠳᠬᠢᠯᠭᠡ ᠪᠣᠯᠤᠨ ᠠᠮᠢᠵᠢᠷᠠᠯ ᠤᠨ ᠬᠦᠴᠦᠨ ᠢᠶᠠᠨ ᠢᠯᠡᠷᠡᠭᠦᠯᠦᠭᠰᠡᠨ ᠪᠠᠶᠢᠨ᠎ᠠ︔ ᠪᠠᠰᠠ ᠴᠢᠬᠢᠨ ᠳᠤ ᠲᠠᠨᠢᠯ ᠳᠠᠰᠤᠯ ᠠᠷᠠᠳ ᠤᠨ ᠳᠠᠭᠤᠤ ᠨᠢ ᠬᠠᠩᠭᠢᠨᠠᠮ᠎ᠠ ᠰᠠᠶᠢᠬᠠᠨ ᠪᠠᠶᠢᠵᠤ᠂ ᠣᠯᠠᠨ ᠲᠦᠮᠡᠨ ᠤ ᠴᠢᠩᠭ᠎ᠠ ᠲᠤᠰᠬᠠᠯ ᠭᠠᠷᠭᠠᠪᠠ᠃ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠠᠯᠠᠭ᠎ᠠ ᠲᠠᠰᠢᠯᠲᠠ ᠶᠢᠨ ᠳᠠᠭᠤᠨ᠂ ᠤᠷᠠᠢ ᠨᠢᠵᠢᠭᠢᠨᠡᠬᠦ ᠳᠠᠭᠤᠨ ᠲᠠᠰᠤᠷᠠᠯᠲᠠ ᠦᠭᠡᠢ ᠴᠤᠤᠷᠢᠶᠠᠲᠤᠵᠤ᠂ ᠲᠣᠭᠯᠠᠯᠲᠠ ᠰᠦᠷ ᠳᠠᠯᠠᠶᠢᠴᠠᠲᠠᠢ ᠶᠠᠪᠤᠭᠳᠠᠵᠤ ᠪᠠᠶᠢᠯ᠎ᠠ᠃ ᠲᠣᠭᠯᠠᠭᠴᠢᠳ ᠣᠯᠠᠨ ᠶᠠᠩᠵᠤ ᠶᠢᠨ ᠤᠷᠠᠯᠢᠭ ᠤᠨ ᠬᠡᠯᠪᠡᠷᠢ ᠪᠠᠷ ᠤᠯᠠᠮᠵᠢᠯᠠᠯᠲᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠳᠡᠯᠭᠡᠨ ᠦᠵᠡᠭᠦᠯᠵᠡᠢ᠃    ︽ᠣᠯᠠᠨ ᠢᠶᠠᠷ ᠢᠶᠠᠨ ᠴᠤᠭᠯᠠᠷᠠᠨ ᠬᠠᠮᠲᠤ ᠪᠠᠷ ᠪᠣᠯᠪᠠᠰᠤᠷᠠᠵᠤ᠂ ᠬᠠᠮᠲᠤ ᠪᠠᠷ ᠲᠣᠭᠯᠠᠯᠲᠠ ᠭᠠᠷᠭᠠᠵᠤ᠂ ᠬᠥᠷᠰᠢ ᠵᠡᠷᠭᠡᠯᠡᠳᠡᠭᠡ ᠲᠠᠢ ᠪᠠᠨ ᠬᠠᠷᠢᠴᠠᠭ᠎ᠠ ᠲᠠᠢ ᠪᠣᠯᠵᠤ ᠴᠢᠳᠠᠬᠤ ᠮᠥᠷᠲᠡᠭᠡᠨ ᠪᠠᠰᠠ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠴᠢᠳᠠᠨ᠎ᠠ᠃ ᠲᠤᠩ ᠪᠠᠶᠠᠷᠲᠠᠢ ᠪᠠᠶᠢᠨ᠎ᠠ︾ ᠭᠡᠵᠦ ᠰᠢᠶᠠᠨ ᠭᠤᠸᠠᠩ ᠭᠠᠴᠠᠭᠠᠨ ᠤ ᠱᠦᠵᠢ ᠫᠧᠢ ᠨᠠᠨ ᠹᠦ᠋ ᠬᠡᠯᠡᠪᠡ᠃    ᠠᠵᠢᠯᠯᠠᠭ᠎ᠠ ᠶᠢᠨ ᠳᠤᠮᠳᠠ᠂ ᠪᠠᠰᠠ ᠬᠠᠳᠠᠮ ᠡᠵᠢ ᠪᠡᠷᠢ ᠶᠢᠨ ᠬᠠᠷᠢᠴᠠᠭ᠎ᠠ ᠡᠶ᠎ᠡ ᠨᠠᠶᠢᠷᠲᠠᠢ ᠪᠠᠶᠢᠵᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠬᠠᠶᠢᠷᠠᠯᠠᠬᠤ ᠭᠡᠷ ᠪᠦᠯᠢ ᠶᠢᠨ ᠦᠯᠢᠭᠡᠷ ᠳᠠᠭᠤᠷᠢᠶᠠᠯ ᠢ ᠰᠢᠯᠭᠠᠷᠠᠭᠤᠯᠤᠨ ᠭᠠᠷᠭᠠᠵᠤ᠂ ︽ᠰᠠᠶᠢᠨ ᠬᠠᠳᠠᠮ ᠡᠵᠢ︾᠂ ︽ᠰᠠᠶᠢᠨ ᠪᠡᠷᠢ︾ ᠵᠢᠴᠢ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢ ᠰᠢᠯᠭᠠᠷᠠᠭᠤᠯᠤᠨ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠭᠡᠷ ᠪᠦᠯᠢ ᠪᠠ ᠲᠦᠮᠡᠨ ᠬᠡᠷᠡᠭ ᠬᠥᠭᠵᠢᠨ ᠮᠠᠨᠳᠤᠬᠤ ᠶᠢ ᠲᠠᠶᠢᠯᠪᠤᠷᠢᠯᠠᠵᠠᠢ᠃ ᠡᠨᠡ ᠨᠢ ᠣᠯᠠᠨ ᠤ ᠰᠠᠶᠢᠨ ᠰᠠᠶᠢᠬᠠᠨ ᠵᠠᠩ ᠮᠣᠷᠠᠯ ᠤᠨ ᠬᠥᠭᠡᠭᠡᠴᠡᠯᠳᠦᠯ ᠤᠨ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠢᠶᠠᠷ ᠪᠠᠷᠠᠬᠤ ᠦᠭᠡᠢ᠂ ᠰᠣᠶᠣᠯ ᠤᠨ ᠰᠣᠯᠢᠯᠴᠠᠭ᠎ᠠ ᠪᠠ ᠠᠭᠤᠰᠤᠯᠴᠠᠯ ᠢ ᠨᠠᠩ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号