ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/25
    4 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠢᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤᠯᠤᠰ ᠲᠥᠷᠥ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ 56 ᠬᠤᠪᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ 20 ᠬᠤᠪᠢ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠭᠤᠣᠯᠳᠠᠯᠭ᠎ᠠ ᠲᠠᠢ ᠭᠦᠢᠴᠡᠳᠬᠡᠭᠰᠡᠨ ᠪᠠᠶᠢᠨ᠎ᠠ᠃    ᠬᠤᠷᠠᠯ ᠠᠴᠠ᠂ ᠰᠢᠢᠳᠪᠦᠷᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠤᠳᠤᠷᠢᠳᠤᠯᠭ᠎ᠠ ᠶᠢ ᠲᠣᠳᠣᠷᠬᠠᠶᠢᠯᠠᠨ᠂ ᠠᠵᠢᠯ ᠤᠨ ᠲᠤᠰᠬᠠᠢ ᠠᠩᠭᠢ ᠶᠢ ᠪᠦᠷᠢᠨ ᠳᠣᠭᠢᠷᠠᠭᠤᠯᠵᠤ᠂ ᠳᠦᠷᠢᠮ ᠤᠨ ᠠᠯᠬᠤᠮ ᠳᠠᠷᠠᠭᠠᠯᠠᠯ ᠢ ᠴᠢᠩᠭ᠎ᠠ ᠵᠢᠷᠤᠮᠯᠠᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠶᠢ ᠲᠣᠪᠤᠶᠢᠯᠭᠠᠨ᠎ᠠ᠃ ᠭᠤᠣᠯᠳᠠᠯᠭ᠎ᠠ ᠲᠠᠢ ᠰᠠᠨᠠᠭᠤᠯᠭ᠎ᠠ᠂ ᠰᠠᠨᠠᠯ ᠳᠤᠷᠠᠳᠤᠯᠭ᠎ᠠ ᠳᠤ ᠭᠤᠣᠯ ᠤᠳᠤᠷᠢᠳᠤᠯᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠶᠠᠪᠤᠴᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠰᠢᠢᠳᠪᠦᠷᠢᠯᠡᠬᠦ ᠠᠵᠢᠯ ᠤᠨ ᠡᠮᠬᠢ ᠵᠢᠷᠤᠮ ᠲᠠᠢ ᠠᠬᠢᠬᠤ ᠶᠢ ᠦᠨᠡᠨᠬᠦ ᠪᠠᠲᠤᠯᠠᠨ᠎ᠠ᠃ ᠨᠡᠪᠲᠡᠷᠡᠯᠴᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠡᠭᠦᠳᠡᠨ ᠳᠤ ᠨᠢ ᠬᠦᠷᠴᠦ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ᠂ ᠬᠠᠮᠲᠤᠷᠠᠨ ᠪᠠᠶᠢᠴᠠᠭᠠᠨ ᠰᠤᠳᠤᠯᠤᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠯᠥᠭᠡᠯᠡᠭᠴᠢ᠂ ᠭᠡᠰᠢᠭᠦᠨ ᠯᠦᠭᠡ ᠶᠢᠨ ᠨᠡᠪᠲᠡᠷᠡᠯᠴᠡᠨ ᠵᠥᠪᠳᠡᠯᠴᠡᠬᠦ ᠶᠢ ᠴᠢᠩᠭᠠᠳᠬᠠᠵᠤ᠂ ᠰᠢᠢᠳᠪᠦᠷᠢᠯᠡᠬᠦ ᠠᠴᠠ ᠡᠮᠦᠨ᠎ᠡ ᠭᠦᠢᠴᠡᠳ ᠪᠠᠶᠢᠴᠠᠭᠠᠨ ᠰᠤᠳᠤᠯᠤᠯᠲᠠ ᠬᠢᠵᠦ᠂ ᠭᠦᠢᠴᠡᠳᠬᠡᠬᠦ ᠳᠤᠮᠳᠠ ᠭᠦᠨᠵᠡᠭᠡᠢ ᠨᠡᠪᠲᠡᠷᠡᠯᠴᠡᠵᠦ᠂ ᠰᠢᠢᠳᠪᠦᠷᠢᠯᠡᠭᠰᠡᠨ ᠤ ᠳᠠᠷᠠᠭ᠎ᠠ ᠴᠠᠭ ᠲᠤᠬᠠᠢ ᠳᠤᠨᠢ ᠬᠠᠷᠢᠭᠤ ᠲᠤᠰᠬᠠᠨ᠎ᠠ᠃ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠲᠠᠢ ᠬᠠᠮᠲᠤᠷᠠᠨ ᠪᠠᠶᠢᠩᠭᠤ ᠶᠢᠨ ᠰᠢᠮᠳᠠᠭᠤᠯᠤᠨ ᠵᠢᠯᠣᠭᠤᠳᠬᠤ ᠠᠵᠢᠯ ᠢ ᠥᠷᠨᠢᠭᠦᠯᠵᠦ᠂ ᠰᠢᠢᠳᠪᠦᠷᠢᠯᠡᠬᠦ ᠠᠬᠢᠴᠠ ᠶᠢ ᠴᠠᠭ ᠲᠤᠬᠠᠢ ᠳᠤᠨᠢ ᠡᠵᠡᠮᠰᠢᠨ᠂ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号