ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠦ ᠬᠦᠭᠵᠢᠯᠲᠦ ᠣᠢ ᠰᠢᠭᠤᠢ ᠡᠪᠡᠰᠦ ᠪᠡᠯᠴᠢᠭᠡᠷ ᠢ ᠰᠦᠢᠳᠬᠡᠵᠦ ᠬᠠᠤᠯᠢ ᠳᠦᠷᠢᠮ ᠠᠴᠠ ᠵᠥᠷᠢᠴᠡᠭᠰᠡᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/25
   4 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠦ ᠬᠦᠭᠵᠢᠯᠲᠦ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠡᠮᠲᠦ ᠶᠢᠨ ᠭᠤᠣᠯ ᠰᠤᠮᠤ᠂ ᠲᠦᠯᠢᠶᠡᠮᠤᠳᠤ ᠪᠠᠯᠭᠠᠰᠤ᠂ ᠪᠠᠶᠠᠨᠬᠤᠰᠢᠭᠤ ᠪᠠᠯᠭᠠᠰᠤ᠂ ᠭᠤᠣᠯ ᠤᠨ ᠪᠠᠶᠢᠰᠢᠩ ᠪᠠᠯᠭᠠᠰᠤ ᠵᠡᠷᠭᠡ ᠭᠠᠵᠠᠷ ᠲᠤ ᠭᠦᠨᠵᠡᠭᠡᠶᠢᠷᠡᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠣᠢ ᠰᠢᠭᠤᠢ ᠡᠪᠡᠰᠦ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠷᠡᠭᠦᠯ ᠬᠠᠮᠠᠭᠠᠯᠠᠯ ᠤᠨ ᠵᠢᠷᠤᠭ ᠳᠦᠷᠰᠦ ᠶᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠠᠵᠢᠯᠯᠠᠭᠤᠯᠪᠠ᠃    ᠠᠵᠢᠯᠯᠠᠬᠤ ᠲᠤᠬᠠᠢ ᠶᠢᠨ ᠲᠠᠯᠠᠪᠠᠢ ᠳᠤ᠂ ᠪᠦᠦ ᠬᠦᠭᠵᠢᠯᠳᠦ ᠣᠢ ᠰᠢᠭᠤᠢ ᠡᠪᠡᠰᠦ ᠪᠡᠯᠴᠢᠭᠡᠷ ᠢ ᠡᠪᠳᠡᠭᠰᠡᠨ᠂ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠲᠣᠬᠢᠷᠠᠭᠤᠯᠤᠨ ᠪᠠᠶᠢᠷᠢᠯᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃ ᠪᠦᠦ ᠬᠦᠭᠵᠢᠯᠳᠦ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠣᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠢᠭᠡ ᠪᠦᠯᠦᠭ ᠣᠢ ᠰᠢᠭᠤᠢ ᠨᠤᠲᠤᠭ ᠪᠡᠯᠴᠢᠭᠡᠷ ᠢ ᠰᠦᠢᠳᠬᠡᠬᠦ᠂ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ ᠵᠡᠷᠭᠡ ᠨᠡᠶᠢᠲᠡᠯᠢᠭ ᠬᠡᠷᠡᠭ ᠤᠨ ᠵᠢᠱᠢ᠊ ᠡᠶ᠎ᠡ ᠶᠢ ᠰᠢᠢᠳᠪᠦᠷᠢᠯᠡᠵᠦ᠂ ᠰᠡᠷᠡᠮᠵᠢᠯᠡᠭᠦᠯᠦᠨ ᠰᠦᠷᠳᠡᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ ᠶᠢ ᠪᠠᠷᠢᠮᠲᠠᠯᠠᠵᠤ᠂ ᠲᠡᠮᠦᠷ ᠢ ᠠᠳᠬᠤᠵᠤ ᠣᠷᠣᠮ ᠲᠠᠢ ᠬᠠᠳᠠᠨ ᠵᠣᠷᠢᠭ ᠪᠠ ᠪᠣᠳᠠᠲᠠᠢ ᠶᠢ ᠡᠷᠬᠢᠮᠯᠡᠭᠰᠡᠨ ᠴᠢᠩᠭ᠎ᠠ ᠨᠢᠮᠪᠠᠢ ᠰᠤᠷᠲᠠᠯ ᠢᠶᠠᠷ ᠡᠯ᠎ᠡ ᠲᠥᠷᠥᠯ ᠤᠨ ᠭᠡᠮ ᠰᠣᠭᠤᠭ ᠤᠨ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠮᠢ ᠠᠬᠤᠢ ᠶᠢ ᠡᠪᠳᠡᠬᠦ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢ᠊ ᠡᠶ᠎ᠡ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢ᠊ ᠡᠶ᠎ᠡ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠢᠶᠠᠷ ᠪᠦᠷᠢᠯᠳᠦᠭᠰᠡᠨ ᠲᠤᠰᠬᠠᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠬᠦᠴᠦᠨ ᠦᠭᠡᠢ ᠪᠣᠯᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号