ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ 4 | ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠲᠠᠢ ᠬᠠᠮᠲᠤᠷᠠᠨ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ᠂ ᠭᠤᠣᠯ ᠰᠡᠳᠦᠪᠲᠦ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠪᠠᠷ ᠵᠠᠰᠠᠬᠤ ᠬᠦᠴᠦᠨ ᠢᠶᠠᠷ ᠣᠢ ᠰᠢᠭᠤᠢ | ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠠᠬᠢᠨ ᠬᠠᠮᠠᠭᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ︽ᠠᠮᠤᠷ | ᠲᠦᠪᠰᠢᠨ ᠤ ᠨᠡᠭᠡᠯᠡᠬᠡᠢ︾ ᠶᠢ ᠴᠢᠩᠭ᠎ᠠ ᠮᠤᠰᠬᠢᠪᠡ᠃ | ᠪᠠᠶᠠᠨᠬᠤᠰᠢᠭᠤ ᠪᠠᠯᠭᠠᠰᠤᠨ ᠤ ᠰᠢᠷᠠᠳᠤᠪᠤ ᠭᠠᠴᠠᠭᠠᠨ ᠳᠤ᠂ ᠤᠬᠠᠭᠤᠯᠬᠤ ᠠᠩᠭᠢ ᠶᠢᠨ ᠠᠵᠢᠯᠲᠠᠳ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠤᠷᠢᠨ ᠳᠤ ᠡᠯ᠎ᠡ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠰᠦᠯᠵᠢᠶᠡᠨ ᠤ ᠠᠵᠢᠯᠲᠠᠨ | ᠵᠡᠷᠭᠡ ᠳᠤ ᠲᠠᠶᠢᠯᠤᠮᠵᠢ ᠪᠣᠯᠪᠠᠰᠤᠷᠠᠭᠤᠯᠤᠯ ᠥᠷᠨᠢᠭᠦᠯᠵᠦ᠂ ᠨᠡᠶᠢᠲᠡᠯᠢᠭ ᠣᠢ ᠰᠢᠭᠤᠢ ᠡᠪᠡᠰᠦ ᠪᠡᠯᠴᠢᠭᠡᠷ ᠢ | ᠰᠦᠢᠳᠬᠡᠭᠰᠡᠨ ᠠᠷᠪᠠᠨ ᠶᠡᠭᠡ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠢ ᠰᠢᠭᠤᠢ ᠡᠪᠡᠰᠦ ᠪᠡᠯᠴᠢᠭᠡᠷ ᠢ | ᠰᠦᠢᠳᠬᠡᠭᠰᠡᠨ ᠬᠠᠤᠯᠢ ᠴᠠᠭᠠᠵᠠ ᠶᠢᠨ ᠦᠷ᠎ᠡ ᠳ᠋ᠦᠩ᠂ ᠠᠮᠢ ᠠᠬᠤᠢ ᠶᠢᠨ ᠬᠤᠣᠷ ᠬᠥᠨᠥᠭᠡᠯ ᠵᠢᠴᠢ ᠢᠯᠡᠴᠢᠯᠡᠨ | ᠮᠡᠳᠡᠭᠦᠯᠬᠦ ᠠᠷᠭ᠎ᠠ ᠵᠠᠮ ᠢ ᠲᠠᠶᠢᠯᠪᠤᠷᠢᠯᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠣᠢ ᠰᠢᠭᠤᠢ ᠨᠤᠲᠤᠭ | ᠪᠡᠯᠴᠢᠭᠡᠷ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ | ᠲᠠᠷᠬᠠᠭᠠᠪᠠ᠃ | ᠪᠠᠶᠠᠨᠬᠤᠰᠢᠭᠤ ᠪᠠᠯᠭᠠᠰᠤᠨ ᠤ ᠰᠢᠷᠠᠳᠣᠪᠤ ᠭᠠᠴᠠᠭᠠᠨ ᠤ ᠭᠡᠰᠢᠭᠦᠨ ᠪᠠᠲᠤ ᠠᠴᠠ᠄ ︽ᠡᠨᠡ ᠤᠳᠠᠭᠠᠨ ᠤ | ᠤᠬᠠᠭᠤᠯᠭ᠎ᠠ ᠪᠠᠷ ᠳᠠᠮᠵᠢᠨ᠂ ᠪᠢᠳᠡᠨ ᠳᠤ ᠣᠢ ᠰᠢᠭᠤᠢ ᠡᠪᠡᠰᠦ ᠪᠡᠯᠴᠢᠭᠡᠷ ᠢ ᠰᠦᠢᠳᠬᠡᠬᠦ ᠬᠠᠤᠯᠢ ᠴᠠᠭᠠᠵᠠ ᠶᠢᠨ | ᠮᠡᠳᠡᠯᠭᠡ ᠶᠢ ᠲᠦᠭᠡᠮᠡᠯᠵᠢᠭᠦᠯᠵᠦ᠂ ᠣᠢ ᠰᠢᠭᠤᠢ ᠡᠪᠡᠰᠦ ᠪᠡᠯᠴᠢᠭᠡᠷ ᠢ ᠰᠦᠢᠳᠬᠡᠬᠦ ᠬᠦᠨᠳᠦ ᠨᠣᠴᠢᠲᠠᠢ ᠴᠢᠨᠠᠷ ᠢ | ᠮᠡᠳᠡᠭᠦᠯᠵᠡᠢ᠃ ᠮᠠᠨ ᠤ ᠭᠠᠴᠠᠭᠠᠨ ᠤ ︿ᠬᠤᠶᠠᠷ ᠵᠥᠪᠯᠡᠯ﹀ ᠤᠨ ᠤᠳᠤᠷᠢᠳᠬᠤ ᠪᠠᠭ ᠨᠢ ᠣᠢ ᠰᠢᠭᠤᠢ ᠡᠪᠡᠰᠦ | ᠪᠡᠯᠴᠢᠭᠡᠷ ᠢ ᠰᠦᠢᠳᠬᠡᠬᠦ ᠬᠦᠨᠳᠦ ᠨᠣᠴᠢᠲᠠᠢ ᠴᠢᠨᠠᠷ ᠢ ᠰᠠᠶᠢᠲᠤᠷ ᠤᠬᠠᠭᠤᠯᠵᠤ᠂ ᠮᠠᠨ ᠤ ᠭᠠᠴᠠᠭᠠᠨ ᠤ ᠣᠢ ᠰᠢᠭᠤᠢ | ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠡᠷᠡᠭᠲᠡᠢ︾ ᠭᠡᠵᠡᠢ᠃ ᠣᠯᠠᠨ ᠲᠦᠮᠡᠨ ᠤ ᠭᠡᠷ ᠲᠤ | ᠭᠦᠨᠵᠡᠭᠡᠶᠢᠷᠡᠨ ᠤᠬᠠᠭᠤᠯᠭ᠎ᠠ ᠬᠢᠨ᠎ᠡ᠃ ᠳᠠᠷᠠᠭ᠎ᠠ ᠨᠢ᠂ ᠤᠬᠠᠭᠤᠯᠬᠤ ᠠᠩᠭᠢ ᠳᠤᠭᠤᠶᠢᠯᠠᠩ ᠬᠤᠪᠢᠶᠠᠨ ᠮᠠᠯᠴᠢᠨ | ᠲᠠᠷᠢᠶᠠᠴᠢᠨ ᠤ ᠭᠡᠷ ᠲᠤ ᠬᠦᠷᠴᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠬᠠᠪᠤᠷ ᠤᠨ ᠤᠯᠠᠷᠢᠯ ᠤᠨ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤᠮᠳᠠ ᠭᠠᠷᠴᠤ ᠮᠡᠳᠡᠬᠦ ᠲᠣᠭᠲᠠᠭᠠᠯ ᠠᠴᠠ ᠵᠥᠷᠢᠴᠡᠨ ᠮᠠᠯ | ᠬᠠᠷᠢᠭᠤᠯᠬᠤ᠂ ᠣᠢ ᠰᠢᠭᠤᠢ ᠡᠪᠡᠰᠦ ᠪᠡᠯᠴᠢᠭᠡᠷ ᠤᠨ ᠨᠤᠭᠤ ᠭᠠᠵᠠᠷ ᠤᠨ ᠬᠡᠷᠡᠭᠴᠡᠭᠡ ᠶᠢ ᠳᠤᠷ᠎ᠠ ᠪᠠᠷ ᠢᠶᠠᠨ | ᠬᠤᠪᠢᠷᠠᠭᠤᠯᠬᠤ ᠵᠡᠷᠭᠡ ᠦᠢᠯᠡ ᠠᠵᠢᠯᠯᠠᠭ᠎ᠠ ᠳᠤ ᠴᠢᠭᠯᠡᠭᠦᠯᠦᠨ᠂ ᠠᠶᠤᠯ ᠲᠦᠭᠰᠢᠭᠦᠷᠢ ᠶᠢᠨ ᠰᠠᠨᠠᠭᠤᠯᠤᠮᠵᠢ ᠬᠢᠵᠦ᠂ | ᠠᠵᠢᠯᠲᠠᠳ ᠪᠠᠰᠠ ᠬᠠᠤᠯᠢ ᠴᠠᠭᠠᠵᠠ ᠶᠢᠨ ᠤᠬᠠᠭᠤᠯᠭ᠎ᠠ ᠶᠢᠨ ᠲᠡᠷᠭᠡ ᠶᠢ ᠠᠰᠢᠭᠯᠠᠨ ᠭᠠᠴᠠᠭ᠎ᠠ ᠵᠡᠭᠡᠯᠢ ᠭᠤᠳᠤᠮᠵᠢ ᠳᠤ | ᠣᠢ ᠰᠢᠭᠤᠢ ᠡᠪᠡᠰᠦ ᠪᠡᠯᠴᠢᠭᠡᠷ ᠢ ᠰᠦᠢᠳᠬᠡᠬᠦ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠨᠡᠪᠲᠡᠷᠡᠭᠦᠯᠵᠦ | ᠮᠡᠳᠡᠭᠦᠯᠪᠡ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 500 ᠭᠠᠷᠤᠢ ᠬᠤᠪᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠣᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠢᠯᠭᠠᠨ ᠲᠠᠨᠢᠬᠤ ᠴᠢᠳᠠᠪᠤᠷᠢ ᠪᠠ ᠰᠡᠷᠭᠡᠶᠢᠯᠡᠬᠦ ᠤᠬᠠᠮᠰᠠᠷ ᠢ ᠪᠦᠲᠦᠮᠵᠢᠲᠡᠢ | ᠳᠡᠭᠡᠭᠰᠢᠯᠡᠭᠦᠯᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ ᠤᠨ | ᠳᠠᠷᠤᠭ᠎ᠠ ᠵᠣᠣ ᠶᠠᠨ ᠯᠢ᠄ ︽ᠲᠤᠰ ᠤᠳᠠᠭᠠᠨ ᠤ ᠠᠵᠢᠯᠯᠠᠭ᠎ᠠ ᠥᠷᠨᠢᠭᠦᠯᠬᠦ ᠳᠤ ᠭᠤᠣᠯᠳᠠᠭᠤ ᠭᠠᠴᠠᠭᠠᠨ ᠤ ︿ᠬᠤᠶᠠᠷ | ᠵᠥᠪᠯᠡᠯ﹀ ᠤᠨ ᠪᠠᠭ ᠤᠨ ᠪᠦᠷᠢᠯᠳᠦᠬᠦᠨ᠂ ᠬᠠᠤᠯᠢ ᠴᠠᠭᠠᠵᠠ ᠶᠢᠨ ᠲᠣᠳᠣᠷᠬᠠᠢ ᠬᠥᠮᠦᠨ ᠤ ᠬᠠᠤᠯᠢ ᠴᠠᠭᠠᠵᠠ ᠶᠢᠨ | ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠣᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠦᠢᠯᠡ | ᠠᠵᠢᠯᠯᠠᠭ᠎ᠠ ᠶᠢᠨ ᠬᠠᠤᠯᠢ ᠴᠠᠭᠠᠵᠠ ᠶᠢᠨ ᠦᠷ᠎ᠡ ᠳ᠋ᠦᠩ ᠢ ᠲᠡᠳᠡᠨ ᠳᠤ ᠲᠠᠨᠢᠭᠤᠯᠵᠤ᠂ ᠲᠡᠳᠡᠨ ᠤ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ | ᠣᠯᠠᠨ ᠢᠶᠠᠷ ᠢᠶᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠮᠳᠦᠭ ᠨᠣᠭᠤᠭᠠᠨ ᠠᠭᠤᠯᠠ | ᠤᠰᠤ ᠶᠢ ᠬᠠᠮᠲᠤᠪᠠᠷ ᠰᠠᠬᠢᠨ ᠬᠠᠮᠠᠭᠠᠯᠠᠶ᠎ᠠ︾ ᠭᠡᠵᠡᠢ᠃ |