ᠸᠠᠺᠼᠢᠨ ᠤ ᠲᠠᠷᠢᠯᠭ᠎ᠠ ᠬᠢᠵᠦ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/4/27
   ᠡᠨᠡ ᠵᠢᠯ ᠤᠨ 4 ᠰᠠᠷ᠎ᠠ ᠶᠢᠨ 25 ᠤ ᠡᠳᠦᠷ ᠪᠣᠯ 39 ᠳ᠋ᠦ᠋ᠭᠡᠷ ᠤᠳᠠᠭᠠᠨ ᠤ ︽ᠪᠦᠬᠦ ᠤᠯᠤᠰ ᠤᠨ ᠬᠡᠦᠬᠡᠳ ᠲᠤ ᠰᠡᠷᠭᠡᠶᠢᠯᠡᠬᠦ ᠲᠠᠷᠢᠯᠭ᠎ᠠ ᠶᠢᠨ ᠤᠬᠠᠭᠤᠯᠭ᠎ᠠ ᠶᠢᠨ ᠡᠳᠦᠷ︾ ᠪᠣᠯᠤᠨ᠎ᠠ᠂ ᠣᠯᠠᠨ ᠨᠡᠶᠢᠲᠡ ᠶᠢᠨ ᠰᠡᠷᠭᠡᠶᠢᠯᠡᠬᠦ ᠲᠠᠷᠢᠯᠭ᠎ᠠ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠬᠡᠦᠬᠡᠳ ᠤᠨ ᠭᠡᠷ ᠤᠨ ᠠᠬᠠᠮᠠᠳ ᠤᠨ ᠲᠠᠷᠢᠯᠭ᠎ᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ︽ᠸᠠᠺᠼᠢᠨ ᠤ ᠲᠠᠷᠢᠯᠭ᠎ᠠ ᠬᠢᠵᠦ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠡᠷᠡᠭᠦᠯ ᠮᠡᠨᠳᠦ ᠶᠢ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠡᠦᠬᠡᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠬᠠᠮᠠᠭᠠᠯᠠᠪᠠ᠃    ᠪᠠᠶᠠᠨᠬᠤᠰᠢᠭᠤ ᠪᠠᠯᠭᠠᠰᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠸᠠᠺᠼᠢᠨ ᠤ ᠲᠠᠷᠢᠯᠭ᠎ᠠ ᠶᠢᠨ ᠲᠠᠰᠤᠭ ᠲᠤ᠂ ᠭᠡᠷ ᠤᠨ ᠠᠬᠠᠮᠠᠳ ᠬᠡᠦᠬᠡᠳ ᠲᠤ ᠸᠠᠺᠼᠢᠨ ᠤ ᠲᠠᠷᠢᠯᠭ᠎ᠠ ᠬᠢᠬᠦ ᠪᠠᠷ ᠢᠷᠡᠵᠦ᠂ ᠡᠮᠨᠡᠯᠭᠡ ᠶᠢᠨ ᠠᠵᠢᠯᠲᠠᠳ ᠭᠡᠷ ᠤᠨ ᠠᠬᠠᠮᠠᠳ ᠲᠤ ᠸᠠᠺᠼᠢᠨ ᠤ ᠲᠠᠷᠢᠯᠭ᠎ᠠ ᠬᠢᠭᠰᠡᠨ ᠤ ᠳᠠᠷᠠᠭᠠᠬᠢ ᠠᠩᠬᠠᠷᠬᠤ ᠵᠦᠢᠯᠡᠰ ᠢ ᠲᠣᠳᠣᠷᠬᠠᠶᠢᠯᠠᠪᠠ᠃ ᠡᠭᠦᠨ ᠤ ᠬᠠᠮᠲᠤ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠳ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠲᠤ ᠤᠬᠠᠭᠤᠯᠭ᠎ᠠ ᠶᠢᠨ ᠭᠠᠷ ᠳᠡᠪᠲᠡᠷ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ︽ᠸᠠᠺᠼᠢᠨ ᠤ ᠲᠠᠷᠢᠯᠭ᠎ᠠ ᠬᠢᠬᠦ ᠪᠣᠯ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠪᠦᠲᠦᠮᠵᠢᠲᠡᠢ ᠠᠷᠭ᠎ᠠ ᠪᠠᠷᠢᠯ ᠮᠥᠨ ᠭᠡᠳᠡᠭ ᠢ ᠰᠠᠭᠤᠭᠠᠯᠢ ᠠᠷᠠᠳ ᠲᠤ ᠭᠦᠨᠵᠡᠭᠡᠢ ᠲᠠᠨᠢᠭᠤᠯᠪᠠ᠃ ︽ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠭᠡᠷ ᠤᠨ ᠠᠬᠠᠮᠠᠳ ᠲᠤ ᠴᠠᠭ ᠲᠤᠬᠠᠢ ᠳᠤᠨᠢ ᠬᠡᠦᠬᠡᠳ ᠢᠶᠠᠨ ᠳᠠᠭᠠᠭᠤᠯᠤᠨ ᠮᠠᠨ ᠤ ᠠᠳᠡ ᠬᠦᠷᠴᠦ ᠸᠠᠺᠼᠢᠨ ᠤ ᠲᠠᠷᠢᠯᠭ᠎ᠠ ᠬᠢᠬᠦ ᠶᠢ ᠰᠠᠨᠠᠭᠤᠯᠬᠤ ᠶᠢᠨ ᠬᠠᠮᠲᠤ ᠭᠡᠷ ᠤᠨ ᠠᠬᠠᠮᠠᠳ ᠲᠤ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠸᠠᠺᠼᠢᠨ ᠤ ᠲᠠᠷᠢᠯᠭ᠎ᠠ ᠶᠢᠨ ᠠᠴᠢ ᠬᠤᠯᠪᠣᠭᠳᠠᠯ ᠢ ᠲᠦᠭᠡᠮᠡᠯᠵᠢᠭᠦᠯᠦᠨ᠎ᠡ︾ ᠭᠡᠪᠡ᠃ ᠪᠠᠶᠠᠨᠬᠤᠰᠢᠭᠤ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠰᠠᠯᠠᠭᠠᠨ ᠤ ᠠᠵᠢᠯᠲᠠᠨ ᠢᠦᠢ ᠶᠠᠩ ᠬᠡᠯᠡᠪᠡ᠃    ᠳᠠᠷᠠᠭ᠎ᠠ ᠨᠢ᠂ ᠠᠵᠢᠯᠲᠠᠳ ᠪᠠᠶᠠᠨᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠰᠤᠷᠤᠭᠴᠢᠳ ᠲᠤ ᠪᠠᠶᠢᠩᠭᠤ ᠲᠣᠬᠢᠶᠠᠯᠳᠤᠳᠠᠭ ᠸᠠᠺᠼᠢᠨ ᠤ ᠲᠥᠷᠥᠯ ᠵᠦᠢᠯ ᠵᠢᠴᠢ ᠦᠢᠯᠡᠳᠦᠯ ᠤᠨ ᠤᠭ ᠶᠣᠰᠣ ᠶᠢ ᠲᠠᠶᠢᠯᠪᠤᠷᠢᠯᠠᠨ ᠥᠭᠴᠦ᠂ ᠰᠤᠷᠤᠭᠴᠢᠳ ᠲᠤ ᠸᠠᠺᠼᠢᠨ ᠤ ᠲᠠᠷᠢᠯᠭ᠎ᠠ ᠬᠢᠬᠦ ᠨᠢ ᠡᠷᠡᠭᠦᠯ ᠮᠡᠨᠳᠦ ᠳᠤ ᠠᠰᠢᠭᠲᠠᠢ ᠭᠡᠳᠡᠭ ᠢ ᠣᠶᠢᠯᠠᠭᠠᠭᠤᠯᠬᠤ ᠶᠢᠨ ᠬᠠᠮᠲᠤ ᠪᠠᠶᠢᠩᠭᠤ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ ᠤ ᠵᠢᠱᠢᠶ᠎ᠡ ᠲᠠᠢ ᠤᠶᠠᠯᠳᠤᠭᠤᠯᠤᠨ᠂ ᠸᠠᠺᠼᠢᠨ ᠤ ᠲᠠᠷᠢᠯᠭ᠎ᠠ ᠬᠢᠬᠦ ᠶᠢᠨ ᠴᠢᠬᠤᠯᠠ ᠴᠢᠨᠠᠷ ᠪᠠ ᠰᠢᠨᠵᠢᠯᠡᠬᠦ ᠤᠬᠠᠭᠠᠨᠴᠢ ᠶᠠᠪᠤᠴᠠ ᠶᠢ ᠰᠢᠰᠲ᠋ᠧᠮ ᠲᠠᠢ ᠲᠠᠶᠢᠯᠪᠤᠷᠢᠯᠠᠪᠠ᠃ ︽ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠠᠵᠢᠯ ᠤᠨ ᠲᠤᠬᠠᠢ ᠥᠷᠭᠡᠨ ᠣᠯᠠᠨ ᠲᠦᠮᠡᠨ ᠤ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠰᠡᠷᠭᠡᠶᠢᠯᠡᠬᠦ ᠲᠠᠷᠢᠯᠭ᠎ᠠ ᠶᠢᠨ ᠠᠵᠢᠯ ᠤᠨ ᠭᠦᠨᠵᠡᠭᠡᠢ ᠥᠷᠨᠢᠬᠦ ᠶᠢ ᠲᠦᠯᠬᠢᠨ ᠠᠬᠢᠭᠤᠯᠵᠤ᠂ ᠲᠣᠬᠢᠷᠠᠬᠤ ᠨᠠᠰᠤᠨ ᠤ ᠬᠡᠦᠬᠡᠳ ᠲᠤ ᠴᠠᠭ ᠲᠤᠬᠠᠢ ᠳᠤᠨᠢ ᠸᠠᠺᠼᠢᠨ ᠤ ᠲᠠᠷᠢᠯᠭ᠎ᠠ ᠬᠢᠬᠦ ᠶᠢ ᠦᠨᠡᠨᠬᠦ ᠪᠠᠲᠤᠯᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠢ︾  ᠬᠡᠵᠤ ᠬᠤᠷᠴᠢᠨ ᠪᠠᠷᠠᠭᠤᠨ ᠭᠠᠷᠤᠨ ᠳᠤᠮᠳᠠ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠠᠷᠬᠠᠯᠠᠭ᠎ᠠ ᠶᠢᠨ ᠲᠥᠯᠥᠪᠯᠡᠭᠡᠨ ᠤ ᠲᠠᠰᠤᠭ ᠤᠨ ᠳᠠᠷᠤᠭ᠎ᠠ ᠪᠢᠶᠠᠨ ᠱᠤ᠋ ᠶᠧ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号