ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ | ᠮᠥᠩᠭᠦᠨ ᠭᠦᠢᠯᠭᠡᠭᠡᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ ᠶᠢᠨ ᠳᠦᠯᠦᠬᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ | ᠬᠢᠭᠡᠳ ᠤᠯᠤᠰ ᠤᠨ ᠭᠦᠢᠯᠭᠡᠭᠡᠨ ᠤ ᠲᠡᠮᠳᠡᠭᠲᠦ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︽ᠨᠢᠭᠡ | ᠵᠤᠷᠭᠠᠨ ᠨᠢᠭᠡ ᠰᠢᠶᠠᠨ︾ ᠤ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠦᠳᠦᠭᠦᠪᠴᠢ ᠬᠡᠯᠡᠯᠴᠡᠭᠡᠷ ᠲᠣᠭᠲᠠᠪᠠ᠃ | ︽ᠨᠢᠭᠡ ᠵᠤᠷᠭᠠᠨ ᠨᠢᠭᠡ ᠰᠢᠶᠠᠨ︾ ᠤ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠬᠦ ᠪᠣᠯ ᠳᠤᠮᠳᠠᠳᠤ | ᠤᠯᠤᠰ ᠤᠨ ᠲᠡᠮᠳᠡᠭᠲᠦ ᠶᠢᠨ ᠦᠢᠯᠡᠰ ᠤᠨ ᠨᠡᠶᠢᠭᠡᠮᠯᠢᠭ ᠠᠴᠠ 2016 ᠣᠨ ᠳᠤ ᠰᠠᠨᠠᠭᠠᠴᠢᠯᠠᠨ ᠡᠭᠦᠰᠭᠡᠭᠰᠡᠨ | ᠲᠡᠮᠳᠡᠭᠲᠦ ᠶᠢᠨ ᠺᠣᠮᠫᠠᠨᠢ ᠬᠢᠭᠡᠳ ᠤᠯᠤᠰ ᠤᠨ ᠶᠠᠳᠠᠭᠤ ᠬᠦᠴᠢᠷᠳᠡᠯᠲᠡᠢ ᠰᠢᠶᠠᠨ ᠨᠢᠭᠡᠳ ᠨᠢᠭᠡ ᠪᠠᠷ ᠳᠠᠭᠠᠭᠠᠨ ᠠᠪᠴᠤ | ᠬᠠᠪᠰᠤᠷᠤᠨ ᠲᠡᠳᠬᠦᠬᠦ ᠠᠵᠢᠯᠯᠠᠭ᠎ᠠ ᠪᠣᠯᠤᠨ᠎ᠠ᠃ ᠲᠤᠰ ᠤᠳᠠᠭᠠᠨ ᠤ ᠬᠠᠪᠰᠤᠷᠤᠨ ᠲᠡᠳᠬᠦᠬᠦ ᠠᠵᠢᠯᠯᠠᠭ᠎ᠠ ᠳᠤ᠂ | ᠭᠦᠸᠧ ᠷᠦᠩ ᠲᠡᠮᠳᠡᠭᠲᠦ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠣᠶᠣᠯ ᠢᠶᠠᠷ ᠬᠠᠪᠰᠤᠷᠤᠨ ᠲᠡᠳᠬᠦᠬᠦ | ᠂ ᠨᠡᠶᠢᠲᠡ ᠶᠢᠨ ᠠᠰᠠᠷᠠᠮᠵᠢ ᠪᠠᠷ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠣᠯᠠᠨ | ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ | ᠬᠦᠴᠢᠷᠳᠡᠯᠲᠡᠢ ᠭᠠᠴᠠᠭ᠎ᠠ ᠳᠤ ᠠᠵᠢᠯᠯᠠᠬᠤ ᠲᠥᠬᠦᠭᠡᠷᠦᠮᠵᠢ ᠬᠤᠳᠠᠯᠳᠤᠨ ᠠᠪᠴᠤ ᠥᠭᠴᠦ᠂ ᠭᠠᠴᠠᠭᠠᠨ ᠤ | ᠰᠣᠶᠣᠯ ᠤᠨ ᠠᠵᠢᠯᠯᠠᠭᠠᠨ ᠤ ᠲᠠᠰᠤᠭ ᠪᠠᠶᠢᠭᠤᠯᠤᠭᠰᠠᠨ ᠪᠥᠭᠡᠳ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠳᠠᠯᠳᠤᠨ ᠠᠪᠴᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠲᠤᠰ ᠤᠳᠠᠭᠠᠨ ᠤ ᠬᠠᠪᠰᠤᠷᠤᠨ ᠲᠡᠳᠬᠦᠬᠦ ᠠᠵᠢᠯᠯᠠᠭ᠎ᠠ ᠪᠣᠯ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠢ ᠵᠣᠯᠭᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠵᠠᠰᠠᠭ ᠠᠵᠤ ᠠᠬᠤᠶᠢᠯᠠᠯ ᠭᠠᠷ | ᠬᠤᠯᠪᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠠᠮᠢᠳᠤᠯᠢᠭ ᠦᠢᠯᠡᠳᠦᠯᠭᠡ | ᠮᠥᠨ᠃ ᠣᠶᠢᠯᠠᠭᠠᠭᠰᠠᠨ ᠢᠶᠠᠷ᠂ ᠲᠤᠰ ᠤᠳᠠᠭᠠᠨ ᠤ ︽ᠨᠢᠭᠡ ᠵᠤᠷᠭᠠᠨ ᠨᠢᠭᠡ ᠰᠢᠶᠠᠨ︾ ᠤ ᠬᠠᠪᠰᠤᠷᠤᠨ ᠲᠡᠳᠬᠦᠬᠦ | ᠠᠵᠢᠯᠯᠠᠭ᠎ᠠ ᠨᠢ ᠭᠤᠷᠪᠠᠨ ᠵᠢᠯ ᠤᠨ ᠬᠤᠭᠤᠴᠠᠭ᠎ᠠ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡ᠂ ᠠᠵᠤ ᠦᠢᠯᠡᠰ᠂ | ᠬᠡᠷᠡᠭᠯᠡᠭᠡ᠂ ᠣᠶᠤᠨ ᠤᠬᠠᠭᠠᠨ᠂ ᠨᠡᠶᠢᠲᠡ ᠶᠢᠨ ᠠᠰᠠᠷᠠᠮᠵᠢ᠂ ᠰᠣᠶᠣᠯ᠂ ᠠᠮᠢ ᠠᠬᠤᠢ ᠵᠡᠷᠭᠡ ᠬᠠᠪᠰᠤᠷᠤᠨ ᠲᠡᠳᠬᠦᠬᠦ | ᠬᠦᠷᠢᠶᠡᠨ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠰᠢᠨ᠎ᠡ ᠠᠷᠭ᠎ᠠ ᠵᠠᠮ ᠢ ᠬᠠᠮᠲᠤ ᠪᠠᠷ ᠰᠦᠪᠡᠭᠴᠢᠯᠡᠬᠦ ᠪᠣᠯᠤᠨ᠎ᠠ᠃ | |