ᠰᠦᠨ ᠱᠤᠤ ᠴᠧᠩ ᠬᠤᠷᠠᠯ ᠢ ᠡᠷᠭᠢᠯᠡᠪᠡ | 4 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠲᠦᠷᠦᠭᠦᠦ | ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠰᠠᠶᠢᠳ ᠯᠢ ᠴᠢᠶᠠᠩ ᠤᠨ ᠶᠠᠷᠢᠶᠠᠨ ᠤ ᠱᠠᠭᠠᠷᠳᠠᠯᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠴᠡᠷᠢᠭ ᠵᠠᠰᠠᠭ᠂ ᠴᠡᠷᠢᠭ ᠠᠷᠠᠳ ᠪᠦᠯᠬᠦᠮᠳᠡᠨ ᠲᠡᠮᠡᠴᠡᠭᠰᠡᠨ | ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠬᠦ ᠬᠡᠷᠡᠭᠲᠡᠶ᠃ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠪᠣᠯᠤᠨ | ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠵᠦ᠂ ᠴᠡᠷᠢᠭ ᠠᠩᠭᠢ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ | ᠨᠢᠭᠲᠠᠷᠠᠭᠤᠯᠵᠤ᠂ ᠬᠤᠶᠠᠷ ᠲᠠᠯ᠎ᠠ ᠪᠠᠷ ᠢᠶᠠᠨ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠨ ᠪᠣᠳᠠᠲᠤ ᠶᠠᠪᠤᠳᠠᠯ | ᠬᠢᠬᠦ ︽ᠬᠤᠤᠰ ᠨᠠᠷᠢᠨ ᠲᠠᠩᠰᠠ︾ ᠢᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠩ | ᠣᠯᠠᠨ ᠬᠠᠮᠵᠢᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠶ᠃ ᠠᠯᠪᠠᠨ ᠴᠡᠷᠢᠭ ᠪᠣᠯᠤᠨ | ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠪᠣᠳᠠᠲᠠᠢ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ | ᠪᠣᠳᠣᠯᠬᠢᠯᠠᠵᠤ᠂ ᠨᠡᠩ ᠤᠯᠠᠨ ᠨᠠᠷᠢᠯᠢᠭ ᠤᠨᠤᠪᠴᠢᠲᠠᠢ ᠪᠣᠳᠠᠲᠠᠢ ᠶᠢ ᠡᠷᠬᠢᠮᠯᠡᠭᠰᠡᠨ ᠦᠢᠯᠡᠴᠢᠯᠡᠭᠡ ᠪᠠᠲᠤᠯᠠᠭ᠎ᠠ ᠶᠢᠨ | ᠠᠷᠭ᠎ᠠ ᠬᠡᠮᠵᠶ᠊ ᠡᠶ᠎ᠡ ᠠᠪᠴᠤ᠂ ᠲᠡᠳᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠨᠥᠬᠦᠴᠡᠯ ᠪᠦᠷᠢᠯᠳᠦᠭᠦᠯᠵᠦ᠂ ᠠᠷᠭ᠎ᠠ ᠶᠢᠨ ᠰᠢᠨ᠎ᠡ ᠶᠢ ᠡᠭᠦᠳᠴᠦ᠂ ᠨᠡᠩ ᠤᠯᠠᠨ ᠶᠠᠩᠵᠤ ᠬᠡᠯᠪᠡᠷᠢ ᠢᠢᠨ ᠤᠯᠠᠨ | ᠲᠦᠮᠡᠨᠴᠢ ᠴᠢᠨᠠᠷᠲᠠᠢ ᠬᠤᠶᠠᠷ ᠢ ᠬᠦᠷᠢᠶᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ | ᠳᠠᠶᠠᠭᠠᠷ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠬᠢ ᠶᠢ ᠬᠠᠶᠢᠷᠠᠯᠠᠬᠤ᠂ ᠴᠡᠷᠢᠭ ᠢ | ᠬᠦᠨᠳᠦᠳᠭᠡᠨ ᠪᠢᠰᠢᠷᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠨᠡ ᠵᠢᠯ ᠠᠴᠠ ᠨᠠᠭᠠᠰᠢ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ | ᠲᠣᠭᠲᠠᠭᠤᠨ ᠪᠠᠶᠢᠨ᠎ᠠ᠃ ᠡᠯ᠎ᠡ ᠱᠠᠲᠤᠨ ᠤ ᠬᠢᠨ ᠢᠲᠡᠭᠡᠯ ᠵᠣᠷᠢᠭ ᠢᠶᠠᠨ ᠴᠢᠩᠭᠠᠳᠬᠠᠵᠤ᠂ ᠲᠣᠭᠲᠠᠯ ᠬᠦᠴᠦᠨ ᠢᠶᠠᠨ | ᠪᠠᠲᠤᠯᠠᠵᠤ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠢᠳᠡᠪᠬᠢᠲᠡᠢ ᠪᠠᠶᠢᠳᠠᠯ ᠪᠣᠯᠤᠨ ᠠᠰᠢᠭᠲᠠᠢ | ᠨᠥᠬᠦᠴᠡᠯ ᠢ ᠭᠦᠢᠴᠡᠳ ᠣᠯᠵᠤ ᠬᠠᠷᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠲᠤᠯᠭᠠᠷᠠᠵᠤ ᠪᠠᠶᠢᠭ᠎ᠠ | ᠬᠦᠴᠢᠷᠳᠡᠯ ᠥᠷᠢᠰᠥᠯᠳᠦᠭᠡᠨ ᠢ ᠰᠡᠷᠭᠡᠭ ᠲᠠᠨᠢᠵᠤ᠂ ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠣᠰᠣᠭᠠᠷ | ᠯᠠᠪᠳᠠᠭᠤᠨ ᠪᠠᠲᠤᠲᠠᠢ ᠠᠵᠢᠯᠯᠠᠵᠤ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ᠃ ᠬᠥᠭᠵᠢᠯᠲᠡ ᠶᠢᠨ ᠲᠤᠯᠭᠠᠮ ᠰᠡᠳᠭᠢᠯᠭᠡ ᠪᠠᠨ ᠴᠢᠩᠭᠠᠳᠬᠠᠵᠤ᠂ | ᠱᠠᠯᠠᠪᠳᠠᠨ ᠠᠵᠢᠯᠯᠠᠵᠤ᠂ ᠬᠦᠴᠦᠯᠡᠨ ᠴᠢᠷᠮᠠᠶᠢᠵᠤ᠂ ᠠᠵᠤ ᠠᠬᠤᠢ ᠶᠢᠨ ᠠᠵᠢᠯ ᠢ ᠨᠡᠩ ᠯᠠᠪᠳᠠᠭᠤᠨ ᠪᠠᠲᠤᠲᠠᠢ | ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠳᠠᠪᠠᠭᠤᠯᠢᠭ ᠢ ᠨᠡᠮᠡᠭᠳᠡᠭᠦᠯᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ | ᠦᠷᠭᠦᠯᠵᠢᠯᠡᠨ ᠬᠦᠴᠦᠯᠡᠨ ᠥᠷᠭᠡᠳᠭᠡᠵᠦ᠂ ᠨᠥᠭᠡᠴᠡ ᠡᠨᠧᠷᠭᠢ᠂ ᠨᠡᠪᠲᠡᠷᠡᠬᠦ ᠵᠠᠮ᠂ ᠠᠬᠤᠶ ᠲᠠᠯᠠᠪᠠᠶ ᠶᠢᠨ ᠬᠡᠷᠡᠭᠯᠡᠭᠡ | ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠦᠭᠵᠢᠷᠡᠯ ᠢ ᠨᠡᠪᠲᠡᠷᠡᠭᠦᠯᠵᠦ᠂ ᠰᠢᠨ᠎ᠡ ᠡᠨᠧᠷᠭᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠳᠠᠪᠠᠭᠤᠯᠢᠭ ᠢᠶᠠᠨ ᠨᠠᠩ ᠰᠢᠯᠢᠳᠡᠭᠵᠢᠭᠦᠯᠬᠦ ᠪᠠᠷ ᠴᠢᠷᠮᠠᠶᠢᠬᠤ ᠬᠡᠷᠡᠭᠲᠡᠶ | ᠃ ᠳᠤᠲᠠᠭᠤᠳᠠᠯ ᠢᠶᠠᠨ ᠨᠥᠬᠦᠪᠥᠷᠢᠯᠡᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ ᠣᠨᠣᠴᠠᠲᠠᠢ ᠡᠷᠭ᠎ᠠ | ᠪᠤᠳᠤᠯᠭ᠎ᠠ ᠬᠡᠷᠡᠭᠵᠢᠭᠦᠯᠦᠨ᠂ ᠨᠡᠭᠦᠷᠡᠰᠦᠨ ᠤ ᠭᠠᠳᠠᠭᠠᠳᠤ ᠣᠷᠣᠭᠤᠯᠤᠯᠲᠠ ᠶᠢᠨ ᠪᠠᠭᠤᠷᠠᠯᠲᠠ ᠶᠢ ᠪᠦᠲᠦᠮᠵᠢᠲᠡᠢ | ᠠᠷᠭᠠᠴᠡᠭᠠᠵᠤ᠂ ᠵᠢᠭᠡᠯᠡᠯᠭᠡ ᠶᠢᠨ ᠬᠡᠪᠴᠢᠶ᠎ᠡ ᠶᠢ ᠥᠷᠭᠡᠳᠭᠡᠨ᠂ ᠮᠥᠩᠭᠦᠨ ᠭᠦᠢᠯᠭᠡᠭᠡᠨ ᠤ ᠦᠢᠯᠡᠰ ᠤᠨ ᠲᠦᠷᠭᠡᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠲᠦᠷᠭᠡᠨ | ᠲᠥᠯᠥᠪᠵᠢᠭᠦᠯᠦᠨ ᠠᠬᠢᠭᠤᠯᠵᠤ᠂ ᠤᠶᠢᠷ᠎ᠠ ᠤᠭᠲᠠᠷᠭᠤᠢ ᠶᠢᠨ ᠠᠵᠤ ᠠᠬᠤᠢ᠂ ᠨᠣᠭᠤᠭᠠᠨ ᠤᠰᠤᠲᠥ᠋ᠷᠥᠭᠴᠢ | ᠨᠣᠭᠤᠭᠠᠨ ᠰᠢᠪᠲᠦᠷ᠂ ᠪᠤᠳᠤᠯᠲᠠ ᠶᠢᠨ ᠴᠢᠳᠠᠪᠤᠷᠢ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠬᠤᠷᠢᠶᠠᠨ ᠠᠪᠴᠤ | ᠠᠰᠢᠭᠯᠠᠬᠤ ᠵᠡᠷᠭᠡ ᠬᠦᠷᠢᠶᠡᠨ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ | ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠵᠦ᠂ ᠮᠠᠰᠢᠨ ᠲᠥᠬᠦᠭᠡᠷᠦᠮᠵᠢ ᠶᠢ ᠶᠡᠭᠡ ᠪᠠᠷ ᠳᠡᠯᠭᠡᠷᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠣᠶ ᠰᠢᠭᠤᠶ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ | ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ ᠬᠤᠯᠪᠣᠭᠳᠠᠯ ᠪᠥᠬᠦᠶ ᠮᠤᠵᠢ ᠶᠢᠨ ᠱᠠᠲᠤᠨ ᠤ ᠤᠳᠤᠷᠢᠳᠬᠤ ᠨᠥᠬᠦᠳ ᠤᠨ ᠡᠭᠦᠷᠭᠡ ᠬᠤᠪᠢᠶᠠᠵᠤ | ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ | ᠠᠰᠠᠭᠤᠳᠠᠯ ᠤᠨ ᠳᠤᠮᠳᠠ ᠪᠠᠨ ᠰᠡᠳᠭᠢᠮᠵᠢ ᠶᠢ ᠰᠦᠪᠡᠭᠴᠢᠯᠡᠵᠦ᠂ ᠵᠠᠬ᠎ᠠ ᠳᠡᠯᠭᠡᠭᠦᠷ ᠠᠴᠠ ᠠᠷᠭ᠎ᠠ ᠡᠷᠢᠵᠦ᠂ ᠶᠠᠮᠠᠷ | ᠠᠰᠠᠭᠤᠳᠠᠯ ᠲᠣᠪᠤᠶᠢᠮ᠎ᠠ ᠪᠠᠶᠢᠪᠠᠯ ᠲᠡᠭᠦᠨ ᠢ ᠰᠠᠶᠢᠵᠢᠷᠠᠭᠤᠯᠵᠤ᠂ ᠶᠠᠮᠠᠷ ᠠᠷᠭ᠎ᠠ ᠲᠤᠰᠠᠲᠠᠶ ᠪᠠᠶᠢᠪᠠᠯ ᠲᠡᠭᠦᠨ ᠢ | ᠬᠡᠷᠡᠭᠯᠡᠵᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠵᠠᠮ ᠬᠠᠷᠢᠯᠴᠠᠭ᠎ᠠ᠂ ᠠᠷᠠᠯᠵᠢᠶ᠎ᠠ ᠬᠤᠳᠠᠯᠳᠤᠭ᠎ᠠ᠂ | ᠳ᠋ᠠᠶᠢᠲ᠋ᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢᠨ ᠨᠠᠩ ᠶᠡᠭᠡ ᠦᠷ᠎ᠡ ᠪᠦᠲᠦᠮᠵᠢ ᠤᠯᠬᠤ ᠶᠢ ᠯᠠᠪᠳᠠᠭᠤᠨ | ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠡᠭᠠᠬᠤ ᠶᠡᠷᠦᠩᠬᠡᠢ ᠲᠥᠰᠦᠯ︾ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |