ᠰᠢ ᠶᠢᠨ ᠫᠢᠩ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ — ᠪᠡᠶ᠎ᠡ ᠪᠠᠨ ᠳᠠᠭᠠᠭᠠᠵᠤ ᠦᠪᠡᠷ ᠢ ᠪᠠᠨ ᠬᠦᠴᠦᠷᠬᠡᠭᠵᠢᠬᠦᠯᠬᠦ ᠶᠢ ᠪᠠᠷᠢᠮᠲᠠᠯᠠᠵᠤ ᠬᠡᠷᠡᠭᠯᠡᠭᠡᠨ ᠤ ᠤᠳᠤᠷᠢᠳᠤᠮᠵᠢ ᠶᠢ ᠳᠣᠪᠤᠶᠢᠯᠭᠠᠵᠤ ᠵᠣᠬᠢᠶᠠᠮᠠᠯ ᠣᠶᠤᠨ ᠴᠢᠳᠠᠪᠤᠷᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/4/27
   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 25 ᠤ ᠦᠳᠡ ᠶᠢᠨ ᠬᠤᠶᠢᠨ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠬᠦᠯᠬᠦ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠲᠦᠷᠭᠡᠨ ᠬᠤᠪᠢᠰᠤᠯᠲᠠ ᠶᠢᠨ ᠰᠢᠨ᠎ᠡ ᠪᠠᠶᠢᠳᠠᠯ ᠤᠨ ᠡᠮᠦᠨ᠎ᠡ᠂ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠦᠪᠡᠷ ᠢ ᠪᠠᠨ ᠬᠦᠴᠦᠷᠬᠡᠭᠵᠢᠬᠦᠯᠬᠦ ᠶᠢ ᠪᠠᠷᠢᠮᠲᠠᠯᠠᠵᠤ᠂ ᠬᠡᠷᠡᠭᠯᠡᠭᠡᠨ ᠤ ᠤᠳᠤᠷᠢᠳᠤᠮᠵᠢ ᠶᠢ ᠲᠤᠪᠤᠶᠢᠯᠭᠠᠵᠤ᠂ ᠮᠠᠨ ᠤ ᠤᠯᠤᠰ ᠤᠨ ᠵᠣᠬᠢᠶᠠᠮᠠᠯ ᠤᠶᠤᠨ ᠴᠢᠳᠠᠪᠤᠷᠢ ᠶᠢᠨ ᠠᠰᠢᠭᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ ᠲᠡᠶᠢᠰᠢ ᠡᠷᠡᠭᠦᠯ ᠪᠦᠭᠡᠳ ᠡᠮᠬᠢ ᠳᠢᠭᠯᠢᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠤᠹᠤᠰᠰᠤᠷ ᠵᠧᠩ ᠨᠠᠨ ᠨᠢᠩ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃   ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ ᠨᠢ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠮᠡᠷᠭᠡᠵᠢᠯ ᠪᠣᠯᠤᠭᠰᠠᠨ ᠤ ᠬᠤᠪᠢ ᠳᠤ᠂ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠭᠦᠨᠵᠡᠭᠡᠶ ᠬᠤᠪᠢᠷᠠᠭᠤᠯᠪᠠ᠃ ᠨᠠᠮ ᠤᠨ ᠲᠥᠪ ᠬᠤᠷᠢᠶ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠬᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ ᠵᠢᠯ ᠳᠤ ᠦᠵᠦ ᠲᠥᠯᠥᠪᠯᠡᠭᠡ ᠶᠢ ᠲᠡᠭᠦᠯᠳᠡᠷᠵᠢᠭᠦᠯᠦᠨ᠂ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠪᠦᠬᠦᠯᠢ ᠴᠣᠭᠴᠠᠲᠤ ᠴᠢᠨᠠᠷᠲᠠᠢ᠂ ᠰᠢᠰᠲ᠋ᠧᠮᠲᠦ ᠴᠢᠨᠠᠷᠲᠠᠢ ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠰᠠᠭᠤᠷᠢ ᠤᠨᠤᠯ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠵᠡᠷᠭᠡ ᠲᠠᠯ᠎ᠠ ᠪᠠᠷ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠵᠥᠷᠢᠶ᠎ᠡ ᠳᠤ ᠵᠥᠪ ᠢᠶᠠᠷ ᠬᠠᠨᠳᠤᠵᠤ᠂ ᠨᠠᠩ ᠢᠯᠡᠬᠦᠦ ᠴᠢᠷᠮᠠᠶᠢᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠭᠦᠭᠵᠢᠬᠦᠯᠬᠦ ᠪᠠ ᠡᠨᠧᠷᠭᠢ ᠣᠯᠭᠤᠨ ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠠ ᠵᠠᠰᠠᠯᠲᠠ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠵᠣᠬᠢᠶᠠᠮᠠᠯ ᠤᠶᠤᠨ ᠴᠢᠳᠠᠪᠤᠷᠢ ᠶᠢᠨ ᠬᠦᠷᠢᠶᠡᠨ ᠳᠤ ᠲᠡᠷᠢᠭᠦᠨ ᠠᠵᠠ ᠲᠣᠬᠢᠶᠠᠯ ᠢ ᠡᠵᠡᠮᠳᠡᠵᠦ᠂ ᠳᠠᠪᠠᠭᠤᠯᠢᠭ ᠪᠠᠶᠢᠷᠢ ᠶᠢ ᠡᠵᠡᠯᠡᠬᠦ ᠳᠤ ᠡᠷᠬᠡᠪᠰᠢ ᠰᠠᠭᠤᠷᠢ ᠤᠨᠤᠯ᠂ ᠠᠷᠭ᠎ᠠ᠂ ᠪᠠᠭᠠᠵᠢ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ ᠰᠠᠭᠤᠷᠢ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠳᠡᠭᠡᠳᠦ ᠲᠡᠰ ᠤᠨ ᠴᠢᠫ᠂ ᠰᠠᠭᠤᠷᠢ ᠵᠥᠭᠡᠯᠡᠨ ᠲᠤᠨᠤᠭ ᠵᠡᠷᠭᠡ ᠭᠤᠣᠯᠯᠠᠬᠤ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ᠂ ᠬᠠᠮᠵᠢᠯᠴᠠᠨ ᠠᠵᠢᠯᠯᠠᠬᠤ ᠵᠣᠬᠢᠶᠠᠮᠠᠯ ᠤᠶᠤᠨ ᠴᠢᠳᠠᠪᠤᠷᠢ ᠶᠢᠨ ᠰᠠᠭᠤᠷᠢ ᠵᠥᠭᠡᠯᠡᠨ ᠬᠠᠲᠠᠭᠤ ᠲᠤᠨᠤᠭ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠤᠮᠢᠶ᠎ᠠ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠵᠤ᠂ ᠡᠯ᠎ᠡ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢ ᠲᠦᠷᠭᠡᠳᠭᠡᠬᠦ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠢᠰᠲ᠋ᠧᠮ ᠪᠦᠷᠢᠨ᠂ ᠬᠡᠷᠡᠭᠯᠡᠭᠡᠨ ᠤ ᠪᠠᠶᠢᠳᠠᠯ ᠥᠷᠭᠡᠨ ᠠᠭᠤᠳᠠᠮ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ ᠶᠤᠮ᠃ ᠵᠣᠬᠢᠶᠠᠮᠠᠯ ᠤᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠤᠨ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠣᠯᠭᠠᠨ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠬᠡᠷᠡᠭᠯᠡᠭᠡᠨ ᠢ ᠵᠤᠬᠢᠴᠠᠭᠤᠯᠤᠭᠰᠠᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ ᠪᠤᠳᠤᠯᠳᠠ ᠶᠢᠨ ᠬᠦᠴᠦᠨ ᠤ ᠰᠠᠭᠤᠷᠢ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠮᠡᠷᠭᠡᠵᠢᠯ ᠰᠢᠨ᠎ᠡ ᠬᠦᠷᠢᠶ᠎ᠡ ᠪᠣᠯᠤᠭᠰᠠᠨ ᠤ ᠬᠤᠪᠢ ᠳᠤ᠂ ᠵᠣᠬᠢᠶᠠᠮᠠᠯ ᠣᠶᠤᠨ ᠴᠢᠳᠠᠪᠤᠷᠢ ᠶᠢ ᠲᠥᠷᠥ ᠶᠢᠨ ᠪᠣᠳᠣᠯᠭ᠎ᠠ ᠪᠠᠷ ᠲᠠᠮᠵᠢᠬᠦ ᠨᠢ ᠮᠠᠰᠢ ᠴᠢᠬᠤᠯᠠ ᠶᠤᠮ᠃ ᠮᠡᠳᠡᠯᠭᠡ ᠶᠢᠨ ᠥᠮᠴᠢᠯᠡᠯ ᠤᠨ ᠡᠷᠬᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠵᠠᠰᠠᠭ ᠤᠨ ᠣᠷᠳᠣᠨ ᠬᠤᠳᠠᠯᠳᠤᠨ ᠠᠪᠬᠤ᠂ ᠳᠦᠬᠦᠭᠡᠷᠦᠮᠵᠢ ᠶᠢ ᠴᠢᠯᠥᠭᠡᠲᠡᠶ ᠪᠣᠯᠭᠠᠬᠤ ᠵᠡᠷᠭᠡ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠵᠣᠬᠢᠶᠠᠮᠠᠯ ᠣᠶᠤᠨ ᠴᠢᠳᠠᠪᠤᠷᠢ ᠶᠢᠨ ᠪᠥᠬᠦ ᠰᠤᠷᠤᠯᠭ᠎ᠠ ᠶᠢᠨ ᠱᠠᠲᠤᠨ ᠳᠠᠬᠢ ᠵᠢᠭᠠᠨ ᠰᠤᠷᠭᠠᠯᠳᠠ ᠪᠠ ᠪᠥᠬᠦ ᠨᠡᠶᠢᠭᠡᠮ ᠤᠨ ᠶᠡᠷᠦᠩᠬᠡᠶᠢᠯᠡᠭᠰᠡᠨ ᠪᠤᠯᠪᠠᠰᠤᠷᠠᠯ ᠤᠨ ᠵᠢᠭᠠᠨ ᠰᠤᠷᠭᠠᠯᠳᠠ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠲᠠᠰᠤᠷᠠᠯᠲᠠ ᠥᠬᠡᠶ ᠬᠥᠮᠦᠵᠢᠭᠦᠯᠬᠦ ᠬᠡᠷᠡᠭᠳᠡᠢ᠃ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠲᠤᠯᠠᠭ᠎ᠠ᠂ ᠠᠵᠢᠯ ᠮᠡᠷᠭᠡᠵᠢᠯ ᠤᠨ ᠳᠡᠮᠵᠢᠯᠭᠡ ᠪᠠ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠲᠠᠪᠴᠠᠩ ᠪᠠᠶᠢᠭᠤᠯᠵᠤ᠂ ᠨᠥᠬᠦᠴᠡᠯ ᠪᠦᠷᠢᠯᠳᠦᠭᠦᠯᠭᠦ ᠬᠡᠷᠡᠭᠳᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠵᠣᠬᠢᠶᠠᠮᠠᠯ ᠤᠶᠤᠨ ᠴᠢᠳᠠᠪᠤᠷᠢ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠭᠰᠠᠨ ᠪᠥᠭᠡᠳ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢᠨ ᠬᠠᠨᠳᠤᠰᠢ ᠪᠣᠯᠤᠨ ᠵᠢᠮ᠎ᠡ ᠶᠣᠰᠣ ᠶᠢ ᠡᠵᠡᠮᠳᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠤᠭᠳᠠᠭᠠᠯ᠂ ᠲᠦᠷᠦ ᠶᠢᠨ ᠪᠤᠳᠤᠯᠭ᠎ᠠ ᠪᠠᠶᠢᠭᠤᠯᠤᠯ᠂ ᠬᠡᠷᠡᠭᠯᠡᠭᠡᠨ ᠤ ᠵᠢᠷᠤᠮᠵᠢᠯ᠂ ᠶᠣᠰᠣ ᠰᠤᠷᠲᠠᠬᠤᠨ ᠤ ᠪᠠᠷᠢᠮᠵᠢᠶ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠮᠡᠷᠭᠡᠵᠢᠯ ᠤᠨ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠪᠠᠶᠢᠭᠤᠯᠵᠤ᠂ ᠵᠣᠬᠢᠶᠠᠮᠠᠯ ᠤᠶᠤᠨ ᠴᠢᠳᠠᠪᠤᠷᠢ ᠶᠢᠨ ᠠᠮᠤᠷ ᠲᠦᠪᠰᠢᠨ᠂ ᠨᠠᠶᠢᠳᠠᠪᠤᠷᠢᠲᠠᠢ᠂ ᠡᠵᠡᠮᠳᠡᠵᠦ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠵᠣᠬᠢᠶᠠᠮᠠᠯ ᠤᠶᠤᠨ ᠴᠢᠳᠠᠪᠤᠷᠢ ᠬᠥᠮᠦᠨ ᠲᠥᠷᠥᠯᠬᠢᠲᠡᠨ ᠳᠤ ᠪᠤᠶᠠᠨ ᠦᠢᠯᠡᠳᠬᠦ ᠤᠯᠠᠨ ᠤᠯᠤᠰ ᠤᠨ ᠤᠯᠠᠨ ᠨᠡᠶᠢᠲᠡ ᠶᠢᠨ ᠦᠢᠯᠡᠳᠬᠦᠨ ᠪᠤᠯᠵᠤ ᠪᠣᠯᠤᠨ᠎ᠠ᠃ ᠵᠣᠬᠢᠶᠠᠮᠠᠯ ᠤᠶᠤᠨ ᠴᠢᠳᠠᠪᠤᠷᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠢ ᠬᠠᠪᠰᠤᠷᠤᠨ ᠮᠡᠷᠭᠡᠵᠢᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠤᠶᠤᠨᠳᠤ ᠬᠡᠷᠡᠭᠯᠡᠭᠡᠨ ᠤ ᠵᠠᠪᠰᠠᠷ ᠵᠠᠭᠠᠭ ᠢ ᠨᠥᠬᠦᠪᠥᠷᠢᠯᠡᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠵᠠᠰᠠᠯᠲᠠ ᠶᠢᠨ ᠲᠦᠷᠢᠮ᠂ ᠮᠡᠷᠭᠡᠵᠢᠯ ᠤᠨ ᠪᠠᠷᠢᠮᠵᠢᠶ᠎ᠠ ᠪᠠᠨ ᠵᠣᠯᠭᠠᠭᠤᠯᠤᠨ ᠵᠣᠬᠢᠴᠠᠭᠤᠯᠬᠤ ᠶᠢ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠦᠬᠦ ᠪᠥᠮᠪᠥᠷᠴᠡᠭ ᠤᠨ ᠵᠠᠰᠠᠯᠲᠠ ᠶᠢᠨ ᠪᠣᠷᠣ ᠲᠥᠯᠥᠪ ᠪᠠ ᠪᠠᠷᠢᠮᠵᠢᠶ᠎ᠠ ᠵᠢᠷᠤᠮᠵᠢᠯ ᠢ ᠡᠷᠲᠡᠬᠡᠨ ᠪᠦᠷᠢᠯᠳᠦᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号