ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 27 ᠤ ᠡᠳᠦᠷ᠂ ︽ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ 2025 | ᠣᠨ ᠤ ᠬᠢᠩᠭᠠᠨ ᠠᠶᠢᠮᠠᠭ ᠤᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ | ᠭᠤᠣᠯ ᠲᠠᠯᠠᠪᠤᠷ ᠤᠨ ᠠᠵᠢᠯᠯᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠠᠭᠤᠳᠠᠮ ᠲᠠᠯᠠᠪᠠᠢ ᠳᠤ | ᠶᠠᠪᠤᠭᠳᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠨᠠᠷ ᠤᠨ ᠰᠡᠳᠬᠢᠯ ᠤᠨ ᠦᠭᠡ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠣᠷᠣᠨ᠂ ᠠᠨᠠᠷ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ · ᠤᠷᠠᠨ ᠰᠠᠶᠢᠬᠠᠨ ᠤ | ᠦᠵᠡᠭᠦᠯᠦᠯᠭᠡ ᠶᠢᠨ ᠲᠣᠭᠤᠷᠢᠭ᠂ ᠠᠨᠠᠷ ᠤᠨ ᠴᠡᠴᠡᠭ · ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ | ᠣᠷᠣᠨ᠂ ᠠᠨᠠᠷ ᠤᠨ ᠪᠡᠯᠡᠭ · ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠤᠷᠢᠭ ᠤᠨ ᠳᠥᠷᠪᠡᠨ ᠶᠡᠭᠡ | ᠦᠵᠡᠭᠦᠯᠦᠯᠭᠡ ᠶᠢᠨ ᠲᠣᠭᠤᠷᠢᠭ ᠢ ᠳᠣᠭᠢᠷᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ | ᠣᠯᠤᠭᠰᠠᠨ ᠠᠮᠵᠢᠯᠲᠠ ᠪᠦᠲᠦᠮᠵᠢ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ | ᠰᠢᠳᠢ ᠶᠢ ᠢᠯᠡᠷᠡᠭᠦᠯᠪᠡ᠃ ᠤᠳᠤᠷᠢᠳᠤᠯᠭ᠎ᠠ ᠨᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠢ | ᠲᠣᠭᠤᠷᠢᠨ ᠦᠵᠡᠵᠦ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠣᠷᠣᠨ ᠳᠤ᠂ ᠪᠦᠬᠦ ᠬᠤᠰᠢᠭᠤᠨ ᠤ ᠡᠯ᠎ᠡ | ᠰᠠᠯᠠᠭ᠎ᠠ ᠮᠥᠴᠢᠷ ᠤᠨ ᠬᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠪᠠᠷ ᠵᠠᠰᠠᠬᠤ ᠤᠬᠠᠭᠤᠯᠭ᠎ᠠ | ᠬᠢᠭᠰᠡᠨ ᠪᠥᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠰᠣᠳᠣᠨ ᠨᠣᠮ ᠪᠢᠴᠢᠭ ᠲᠠᠷᠬᠠᠭᠠᠬᠤ ᠶᠣᠰᠣᠯᠠᠯ ᠶᠠᠪᠤᠭᠤᠯᠪᠠ᠃ ᠪᠠᠰᠠ ᠲᠦᠩᠯᠢᠶᠣᠤ ᠬᠤᠲᠠ ᠶᠢᠨ ᠬᠤᠤᠯᠢᠩᠭᠤᠤᠯ | ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠵᠠᠷᠤᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢ | ᠤᠷᠢᠵᠤ ᠲᠤᠬᠠᠢ ᠶᠢᠨ ᠲᠠᠯᠠᠪᠤᠷ ᠲᠤ ᠬᠦᠷᠴᠦ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠬᠤᠤᠯᠢᠩᠭᠤᠤᠯ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ | ᠲᠤᠬᠠᠢ ᠶᠢᠨ ᠲᠠᠯᠠᠪᠤᠷ ᠲᠤ ᠠᠵᠢᠯ ᠣᠯᠵᠤ ᠠᠵᠢᠯᠲᠠᠨ ᠡᠯᠰᠡᠵᠦ᠂ ᠵᠠᠷᠤᠳ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠪᠡ᠃ ᠤᠷᠠᠨ ᠰᠠᠶᠢᠬᠠᠨ ᠤ ᠲᠣᠭᠯᠠᠯᠲᠠ ᠶᠢᠨ | ᠲᠣᠭᠤᠷᠢᠭ ᠲᠤ ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠲᠣᠭᠯᠠᠭᠴᠢᠳ ᠺᠠᠳ᠋ᠷ ᠣᠯᠠᠨ | ᠲᠦᠮᠡᠨ ᠲᠠᠢ ᠬᠠᠮᠲᠤ ᠪᠠᠷ ᠤᠯᠤᠰ ᠤᠨ ᠲᠤᠭ ᠢᠶᠠᠨ ᠬᠤᠷᠦ᠋ᠢᠯᠠᠵᠤ᠂ ᠬᠤᠪᠢᠰᠬᠠᠯ ᠤᠨ ᠳᠠᠭᠤᠤ ᠶᠢ ᠬᠠᠮᠲᠤ ᠪᠠᠷ | ᠳᠠᠭᠤᠯᠠᠪᠠ᠃ ᠭᠢᠯᠠᠰ ᠴᠡᠭ ᠣᠯᠠᠨ ᠪᠠᠶᠢᠬᠤ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ | ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠦᠭᠡ ᠳᠠᠭᠤᠨ | ᠦᠭᠡᠢ ᠪᠠᠶᠢᠬᠤ ᠳᠤᠮᠳᠠ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠲᠠᠪᠤᠨ ᠬᠠᠮᠲᠤ ᠶᠢᠨ ᠲᠠᠨᠢᠯᠲᠠ︾ ᠶᠢ | ᠨᠡᠮᠡᠭᠳᠡᠭᠦᠯᠵᠡᠢ᠃ ᠺᠠᠳ᠋ᠷ ᠣᠯᠠᠨ ᠲᠦᠮᠡᠨ ᠬᠢᠭᠡᠳ ᠲᠣᠭᠯᠠᠭᠴᠢᠳ ᠬᠠᠮᠲᠤ ᠪᠠᠷ ᠤᠯᠤᠰ ᠤᠨ ᠲᠤᠭ ᠬᠤᠷᠦ᠋ᠢᠯᠠᠵᠤ᠂ | ᠬᠠᠮᠲᠤ ᠪᠠᠷ ᠬᠤᠪᠢᠰᠬᠠᠯ ᠤᠨ ᠳᠠᠭᠤᠤ ᠶᠢ ᠳᠠᠭᠤᠯᠠᠪᠠ᠃ | ︽ᠪᠢ ᠥᠨᠥᠳᠦᠷ ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀ ᠶᠢᠨ | ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠠᠵᠢᠯᠯᠠᠭ᠎ᠠ ᠨᠢ ᠮᠠᠰᠢ ᠰᠠᠶᠢᠨ ᠶᠠᠪᠤᠭᠳᠠᠵᠤ᠂ | ᠤᠷᠠᠨ ᠰᠠᠶᠢᠬᠠᠨ ᠤ ᠲᠣᠭᠯᠠᠯᠲᠠ ᠭᠤᠶᠢᠳᠠ ᠰᠠᠶᠢᠬᠠᠨ ᠪᠠᠶᠢᠨ᠎ᠠ᠂ ᠬᠤᠶᠢᠰᠢᠳᠠ ᠪᠢᠳᠡ ᠦᠷᠭᠦᠯᠵᠢᠯᠡᠨ | ᠦᠨᠳᠦᠰᠦᠲᠡᠨ ᠤ ᠪᠦᠯᠬᠦᠮᠳᠡᠯ ᠤᠨ ᠲᠠᠯ᠎ᠠ ᠪᠠᠷ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠬᠠᠶᠢᠷᠠᠯᠠᠵᠤ᠂ | ᠦᠵᠡᠰᠬᠦᠯᠡᠩᠲᠦ ᠰᠠᠶᠢᠬᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠪᠦᠲᠦᠭᠡᠨ ᠪᠠᠶᠢᠭᠤᠯᠬᠤ ᠳᠤ | ᠬᠦᠴᠦᠨ ᠴᠢᠳᠠᠯ ᠢᠶᠠᠨ ᠡᠷᠭᠦᠨ᠎ᠡ︾ ᠭ᠊ ᠬᠡᠵᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠪᠤᠯᠠᠭ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠤᠮᠤᠳᠤ ᠬᠡᠯᠡᠪᠡ᠃ |