ᠡᠨᠡ ᠵᠢᠯ ᠠᠴᠠ ᠨᠠᠭᠠᠰᠢ᠂ ᠪᠦᠬᠦ ᠣᠷᠣᠨ ᠤ ᠮᠥᠩᠭᠦᠨ ᠭᠦᠢᠯᠭᠡᠭᠡᠨ ᠤ ᠰᠢᠰᠲᠤᠮ ᠤᠨ ᠬᠢᠨ ᠥᠪᠡᠷᠲᠡᠭᠡᠨ ᠵᠠᠰᠠᠬᠤ | ᠣᠷᠣᠨ ᠤ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ | ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠠᠢ᠃ 2 | ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ | ᠵᠢᠭᠡᠯᠡᠯᠭᠡ ᠶᠢᠨ ᠦᠯᠡᠳᠡᠪᠦᠷᠢ 7712.4 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠦ᠂ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ | ᠬᠤᠷᠳᠤᠴᠠ ᠠᠴᠠ ᠵᠠᠭᠤᠨ ᠤ ᠬᠠᠷᠢᠴᠡᠯ ᠢᠶᠠᠷ 1.8 ᠬᠤᠪᠢ ᠲᠦᠷᠭᠡᠨ ᠪᠣᠯᠵᠠᠢ᠃ | ᠡᠨᠡ ᠵᠢᠯ ᠠᠴᠠ ᠨᠠᠭᠠᠰᠢ᠂ ᠮᠠᠨ ᠤ ᠣᠷᠣᠨ ︽ᠪᠤᠬᠢᠷᠳᠤᠯ ᠦᠬᠡᠢ ᠮᠥᠩᠭᠦᠨ ᠭᠦᠢᠯᠭᠡᠭᠡᠨ ᠤ ᠦᠢᠯᠡᠳᠦᠯ ᠢ | ᠪᠠᠳᠠᠷᠠᠭᠤᠯᠵᠤ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠶᠢ | ᠬᠡᠷᠡᠭᠵᠢᠭᠦᠯᠬᠦ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠢᠶᠠᠷ | ᠳᠤᠮᠳᠠᠳᠤ ᠤᠯᠤᠰ ᠤᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠦᠢᠯᠡᠴᠢᠯᠡᠭᠡᠨ ᠤ ᠪᠠᠩᠬᠢ ᠶᠢᠨ | ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠶᠢ ᠬᠡᠷᠡᠭᠵᠢᠭᠦᠯᠬᠦ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ | ᠬᠡᠷᠡᠭᠵᠢᠭᠦᠯᠬᠦ ᠲᠥᠰᠦᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠠᠷᠤᠮᠠᠯᠯᠠᠨ ᠲᠠᠷᠬᠠᠭᠠᠵᠦ᠂ | ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠨᠠᠢᠮᠠᠨ ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ | ᠲᠠᠷᠬᠠᠭᠠᠭᠰᠠᠨ ︽ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠬᠦ ᠲᠤᠬᠠᠶ ᠮᠡᠳᠡᠭᠳᠡᠯ︾ ᠢ | ᠢᠳᠡᠪᠬᠢᠲᠡᠶ ᠨᠠᠶᠢᠳᠠᠪᠤᠷᠢᠵᠢᠭᠤᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠬᠡᠷᠡᠭᠴᠡᠭᠡ ᠶᠢ ᠭᠦᠨᠵᠡᠭᠡᠶ ᠠᠭᠤᠳᠠᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ | ᠵᠢᠭᠡᠯᠡᠯᠭᠡ ᠲᠠᠯᠪᠢᠬᠤ ᠡᠷᠴᠢᠮ ᠢ ᠦᠷᠭᠦᠯᠵᠢᠯᠡᠨ ᠨᠡᠮᠡᠭᠳᠡᠭᠦᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ | ᠵᠢᠭᠡᠯᠡᠯᠭᠡ ᠶᠢᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠠᠢ᠃ | 2025 ᠣᠨ ᠤ 2 ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠲᠠᠷᠬᠠᠭᠠᠭᠰᠠᠨ ᠠᠷᠠᠳ ᠤᠨ ᠵᠣᠭᠤᠰ ᠤᠨ | ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠶᠢᠨ ᠨᠣᠷᠮ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | ᠵᠠᠭᠤᠨ ᠤ ᠬᠠᠷᠢᠴᠡᠯ ᠢᠶᠠᠷ 0.17 ᠬᠤᠪᠢ ᠪᠠᠭᠤᠷᠠᠵᠠᠢ᠂ ᠡᠭᠦᠨ ᠳᠤ ᠰᠢᠨ᠎ᠡ ᠪᠠᠷ ᠲᠠᠷᠬᠠᠭᠠᠭᠰᠠᠨ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠶᠢᠨ ᠨᠣᠷᠮ᠎ᠠ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠲᠣᠰ ᠲᠣᠰ ᠵᠠᠭᠤᠨ ᠤ ᠬᠠᠷᠢᠴᠡᠯ ᠢᠶᠠᠷ 0.37᠂ 0.71 ᠪᠠ 0.36 ᠬᠤᠪᠢ | ᠪᠠᠭᠤᠷᠠᠵᠠᠢ᠃ | 2025 ᠣᠨ ᠤ 1 — 3 ᠰᠠᠷ᠎ᠠ ᠳᠤ᠂ ᠪᠥᠬᠦ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ | ᠲᠠᠷᠢᠶᠠᠯᠠᠩ ᠢ ᠳᠡᠮᠵᠢᠬᠦ ᠪᠠ ᠪᠠᠭ᠎ᠠ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠶᠢ ᠨᠡᠶᠢᠲᠡ 40.7 | ᠳ᠋ᠦᠩᠰᠢᠭᠤᠷ ᠲᠥᠭᠦᠷᠢᠭ ᠬᠡᠷᠡᠭᠯᠡᠵᠦ᠂ ᠳᠠᠬᠢᠨ ᠪᠡᠯᠡᠨ ᠮᠦᠡᠭᠭᠦ ᠰᠣᠯᠢᠬᠤ ᠶᠢ ᠭᠦᠢᠴᠡᠳᠭᠡᠬᠦ ᠳᠤ 78.9 ᠳ᠋ᠦᠩᠰᠢᠭᠤᠷ | ᠲᠥᠭᠦᠷᠢᠭ ᠭᠦᠢᠴᠡᠳᠭᠡᠵᠠᠢ᠃ ᠭᠤᠷᠪᠠᠨ ᠵᠦᠢᠯ ᠤᠨ ᠪᠦᠲᠦᠴᠡ ᠶᠢᠨ ᠴᠢᠨᠠᠷᠲᠠᠶ ᠵᠣᠭᠤᠰᠣᠨ ᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠦᠬᠦ ᠣᠷᠣᠨ ᠢᠶᠠᠷ ᠢᠶᠠᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠵᠢᠭᠡᠯᠡᠯᠭᠡ ᠶᠢ ᠨᠡᠶᠢᠲᠡ 20.1 | ᠳ᠋ᠦᠩᠰᠢᠭᠤᠷ ᠲᠥᠭᠦᠷᠢᠭ ᠲᠠᠯᠪᠢᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠵᠢᠭᠡᠯᠡᠯᠭᠡ ᠶᠢ | 852.2 ᠳ᠋ᠦᠩᠰᠢᠭᠤᠷ ᠲᠥᠭᠦᠷᠢᠭ ᠲᠠᠯᠪᠢᠵᠤ᠂ ᠰᠲ᠋ᠣᠺ ᠢ ᠪᠤᠴᠠᠭᠠᠨ ᠬᠤᠳᠠᠯᠳᠤᠨ ᠠᠪᠴᠤ ᠡᠵᠡᠮᠰᠢᠬᠦ ᠵᠢᠭᠡᠯᠡᠯᠭᠡ ᠶᠢ | 10.1 ᠳ᠋ᠦᠩᠰᠢᠭᠤᠷ ᠲᠥᠭᠦᠷᠢᠭ ᠲᠠᠯᠪᠢᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠥᠪᠡᠷ ᠤᠨ | ᠥᠷᠲᠡᠭ ᠢᠶᠠᠷ ᠳᠣᠣᠷ᠎ᠠ ᠪᠡᠯᠡ ᠲᠣᠬᠢᠷᠠᠭᠤᠯᠭ᠎ᠠ ᠬᠦᠷᠲᠡᠬᠦ ᠶᠢ ᠬᠦᠴᠦᠲᠡᠶ ᠳᠡᠮᠵᠢᠵᠠᠢ᠃ | |