ᠮᠠᠨ ᠤ ᠤᠷᠤᠨ ᠤ 2410 ᠣᠷᠣᠯᠠᠨ ᠭᠦᠢᠴᠡᠳᠭᠡᠬᠦ ᠲᠤᠰᠬᠠᠶ ᠲᠤᠰᠢᠶᠠᠯᠲᠠᠨ 500 ᠭᠠᠷᠤᠶ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/28
   ᠬᠢᠨᠠᠨ ᠵᠥᠪᠰᠢᠶᠡᠷᠡᠬᠦ ᠬᠤᠷᠳᠤᠴᠠ ᠤᠳᠠᠭᠠᠨ᠂ ᠣᠯᠠᠨ ᠲᠠᠯ᠎ᠠ ᠠᠴᠠ ᠬᠢᠨᠠᠨ ᠬᠠᠮᠢᠶᠠᠷᠴᠤ ᠠᠵᠤ ᠠᠬᠤᠶᠢᠯᠠᠯ ᠤᠨ ᠳᠠᠷᠤᠭᠠᠰᠤ ᠢᠢ ᠨᠡᠮᠡᠭᠳᠡᠭᠦᠯᠵᠦ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠲᠤᠭ᠎ᠠ ᠪᠠᠷᠢᠮᠳᠠ ᠢᠢᠨ ᠬᠠᠮᠢᠶᠠᠷᠤᠯᠳᠠ ᠢᠢᠨ ᠲᠤᠪᠴᠢᠶ᠎ᠠ ᠬᠢᠨᠠᠨ ᠵᠦᠪᠰᠢᠶᠡᠷᠡᠬᠦ ᠢᠢ ᠳᠦᠷᠭᠡᠳᠭᠡᠵᠤ᠂ ᠬᠠᠪᠰᠤᠷᠴᠤ ᠬᠢᠨᠠᠨ ᠬᠠᠮᠢᠶᠠᠷᠬᠤ ᠢᠢ ᠲᠤᠰᠠᠯᠠᠬᠤ᠂ ᠬᠦᠰᠡᠯ ᠱᠠᠭᠠᠷᠳᠠᠯᠭ᠎ᠠ ᠶᠢᠨ ᠠᠷᠭ᠎ᠠ ᠵᠠᠮ ᠢ ᠰᠢᠯᠤᠭᠤᠳᠬᠠᠬᠤ ᠵᠡᠷᠭᠡ ᠲᠠᠯ᠎ᠠ ᠪᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠤ ᠡᠭᠦᠷᠭᠡ ᠢᠢ ᠨᠠᠶᠢᠳᠠᠪᠤᠷᠢᠵᠢᠭᠤᠯᠬᠤ ᠢᠢ ᠠᠬᠢᠭᠤᠯᠵᠤ ᠪᠤᠢ᠃   ᠡᠨᠡ ᠵᠢᠯ ᠠᠴᠠ ᠨᠠᠭᠠᠰᠢ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠲᠤᠭ᠎ᠠ ᠪᠠᠷᠢᠮᠳᠠ ᠢᠢᠨ ᠬᠠᠮᠢᠶᠠᠷᠤᠯᠳᠠ ᠢᠢᠨ ᠲᠤᠪᠴᠢᠶ᠎ᠠ ᠠᠵᠤ ᠠᠬᠤᠶᠢᠯᠠᠯ ᠳᠤ ᠬᠤᠯᠪᠣᠭᠳᠠᠭᠰᠠᠨ 10 ︽ᠨᠢᠭᠡ ᠶᠠᠪᠤᠳᠠᠯ︾ ᠤᠨ ᠦᠭᠡᠷᠡᠴᠢᠯᠡᠯᠲᠡ ᠢᠢ ᠦᠷᠭᠦᠯᠵᠢᠯᠡᠨ ᠭᠦᠨᠵᠡᠭᠡᠶᠢᠷᠡᠭᠦᠯᠵᠤ᠂ ᠬᠢᠨᠠᠨ ᠵᠥᠪᠰᠢᠶᠡᠷᠡᠬᠦ ︽ᠣᠨᠴᠠᠭᠠᠶ ᠭᠤᠭᠴᠤᠭ᠎ᠠ︾ ᠢᠢ ᠴᠦᠬᠡᠳᠭᠡᠵᠤ᠂ ᠬᠠᠪᠰᠤᠷᠴᠤ ᠣᠷᠣᠯᠠᠨ ᠭᠦᠢᠴᠡᠳᠭᠡᠬᠦ ᠦᠢᠯᠡᠴᠢᠯᠡᠭᠡ ᠢᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ 2410 ᠣᠷᠣᠯᠠᠨ ᠭᠦᠢᠴᠡᠳᠭᠡᠬᠦ ᠲᠤᠰᠬᠠᠶ ᠲᠤᠰᠢᠶᠠᠯᠲᠠᠨ᠂ ᠠᠵᠤ ᠠᠬᠤᠶᠢᠯᠠᠯ ᠳᠤ 4 ᠲᠦᠮᠡ ᠭᠠᠷᠤᠶ ᠤᠳᠠᠭ᠎ᠠ ᠬᠠᠪᠰᠤᠷᠴᠤ ᠣᠷᠣᠯᠠᠨ ᠭᠦᠢᠴᠡᠳᠭᠡᠬᠦ ᠦᠢᠯᠡᠴᠢᠯᠡᠭᠡ ᠬᠠᠩᠭᠠᠵᠤ᠂ 500 ᠭᠠᠷᠤᠶ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠪᠠ᠃ ᠡᠯ᠎ᠡ ᠱᠠᠲᠤᠨ ᠤ ᠬᠢᠨ ᠢ ᠵᠣᠬᠢᠶᠠᠨ ᠪᠠᠶᠢᠭᠤᠯᠵᠤ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠢᠢᠨ ᠰᠢᠰᠲ᠋ᠧᠮ ᠳᠤ ᠲᠦᠰᠢᠭᠯᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠪᠥᠬᠦ ᠲᠠᠯ᠎ᠠ ᠪᠠᠷ ᠡᠮᠬᠢᠯᠡᠵᠦ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠠᠭᠤ ᠢᠢ ᠬᠠᠮᠢᠶᠠᠷᠴᠤ ᠪᠤᠯᠬᠤ ᠶᠠᠭᠤ ᠢᠢ ᠬᠠᠮᠢᠶᠠᠷᠪᠠᠯ ᠵᠤᠬᠢᠰᠲᠠᠢ ᠭᠡᠳᠡᠭ ᠲᠤ ︽ᠳᠣᠲᠣᠷ᠎ᠠ ᠪᠠᠨ ᠲᠤᠭ᠎ᠠ ᠲᠠᠢ︾ ᠪᠠᠶᠢᠬᠤ ᠶᠢᠨ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠢᠢ ᠪᠠᠶᠢᠭᠤᠯᠤᠨ᠂ ᠠᠵᠤ ᠠᠬᠤᠶᠢᠯᠠᠯ ᠳᠤ ᠬᠤᠯᠪᠤᠭᠳᠠᠭᠰᠠᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠳᠦᠷᠢᠮᠵᠢᠭᠦᠯᠵᠤ᠂ ᠠᠵᠤ ᠠᠬᠤᠶᠢᠯᠡᠯ᠂ ᠲᠤᠰᠬᠠᠢ ᠤᠲᠠᠰᠤ ᠪᠤᠯᠤᠨ ᠲᠦᠷᠦ ᠶᠢᠨ ᠪᠤᠳᠤᠯᠭ᠎ᠠ ᠶᠢᠨ ᠲᠤᠰᠬᠠᠢ ᠠᠵᠢᠯᠲᠠᠨ ᠢ ︽ᠭᠤᠷᠪᠠᠨ ᠲᠠᠯ᠎ᠠ ᠪᠠᠷ ᠬᠤᠯᠪᠤᠭ᠎ᠠ ᠠᠪᠬᠤ︾ ᠲᠤᠭᠲᠠᠴᠠ ᠢᠢ ᠲᠡᠬᠦᠯᠳᠡᠷᠵᠢᠭᠦᠯᠦᠨ᠂ ᠪᠦᠬᠦ ᠤᠷᠤᠨ ᠤ 776 ᠰᠠᠯᠠᠭ᠎ᠠ ᠮᠦᠴᠢᠷ 2908 ᠲᠦᠷᠦ ᠶᠢᠨ ᠪᠤᠳᠤᠯᠭ᠎ᠠ ᠶᠢᠨ ᠲᠤᠰᠬᠠᠢ ᠠᠵᠢᠯᠲᠠᠨ ᠢ ᠲᠤᠭᠲᠠᠭᠠᠵᠤ᠂ 2485 ᠤᠳᠠᠭ᠎ᠠ ︽ᠭᠤᠷᠪᠠᠨ ᠲᠠᠯ᠎ᠠ ᠪᠠᠷ ᠬᠤᠯᠪᠤᠭ᠎ᠠ ᠠᠪᠬᠤ︾ ᠢᠢ ᠪᠡᠶᠡᠯᠡᠭᠦᠯᠪᠡ᠃ ︽ᠬᠤᠶᠠᠷ ᠲᠦᠯᠦᠭᠡᠯᠡᠭᠴᠢ ᠨᠢᠭᠡ ᠭᠡᠰᠢᠭᠦᠨ︾ ᠠᠴᠠ ᠠᠵᠤ ᠠᠬᠤᠶᠢᠯᠠᠯ ᠳᠤ ᠬᠤᠯᠪᠤᠭᠳᠠᠭᠰᠠᠨ ᠬᠦᠴᠢᠷ ᠲᠦᠪᠡᠭ ᠲᠠᠢ ᠠᠰᠠᠭᠤᠳᠠᠯ ᠢ ᠱᠠᠯᠠᠪᠳᠠᠭᠤᠯᠤᠨ ᠰᠶᠢᠳᠪᠦᠷᠢᠯᠡᠬᠦ ᠠᠵᠢᠯ ᠢ ᠪᠠᠶᠢᠩᠭᠤᠵᠢᠭᠤᠯᠵᠤ᠂ ᠪᠦᠬᠦ ᠤᠷᠤᠨ ᠤ 11.7 ᠲᠦᠮᠡᠨ ︽ᠬᠤᠶᠠᠷ ᠲᠦᠯᠦᠭᠡᠯᠡᠭᠴᠢ ᠨᠢᠭᠡ ᠭᠡᠰᠢᠭᠦᠨ︾ ᠤ ᠦᠨᠳᠦᠰᠦᠨ ᠮᠡᠳᠡᠭᠡ ᠵᠠᠩᠭᠢ ᠢᠢ ᠬᠠᠯᠠᠮᠰᠢᠯ ᠤᠲᠠᠰᠤᠨ ᠤ ᠲᠠᠪᠴᠠᠩ ᠳᠤ ᠤᠷᠤᠭᠤᠯᠵᠤ᠂ 3 ᠰᠠᠷ᠎ᠠ ᠳᠤ ︽ᠬᠤᠶᠠᠷ ᠲᠦᠯᠦᠭᠡᠯᠡᠭᠴᠢ ᠨᠢᠭᠡ ᠭᠡᠰᠢᠭᠦᠨ︾ ᠠᠴᠠ ᠠᠵᠤ ᠠᠬᠤᠶᠢᠯᠠᠯ ᠳᠤ ᠬᠤᠯᠪᠤᠭᠳᠠᠭᠰᠠᠨ ᠬᠦᠴᠢᠷ ᠲᠦᠪᠡᠭ ᠲᠠᠢ 130 ᠠᠰᠠᠭᠤᠳᠠᠯ ᠢ ᠱᠠᠯᠠᠪᠳᠠᠭᠤᠯᠤᠨ ᠰᠶᠢᠳᠪᠦᠷᠢᠯᠡᠵᠤ᠂ ᠨᠢᠭᠡ ᠪᠦᠯᠦᠭ ᠠᠵᠤ ᠠᠬᠤᠶᠢᠯᠠᠯ ᠤᠨ ᠲᠤᠯᠭᠠᠮ ᠱᠠᠭᠠᠷᠳᠠᠭᠳᠠᠵᠤ ᠪᠠᠶᠢᠭ᠎ᠠ ᠬᠦᠴᠢᠷ ᠠᠰᠠᠭᠤᠳᠠᠯ ᠢ ᠰᠶᠢᠳᠪᠦᠷᠢᠯᠡᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号