ᠰᠢᠨᠡᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/29
    4 ᠰᠠᠷ᠎ᠠ ᠶᠢᠨ 28 ᠤ ᠡᠳᠦᠷ᠂ ᠰᠢᠨᠠᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠪᠡ᠃    ᠬᠤᠷᠠᠯ ᠠᠴᠠ ᠣᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠡᠯ᠎ᠡ ᠲᠥᠷᠥᠯ ᠤᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ︽ᠳᠥᠷᠪᠡ ᠶᠢ ᠴᠠᠭᠠᠵᠠᠯᠠᠬᠤ︾᠂ ᠠᠶᠤᠯᠭᠦᠢ ᠦᠢᠯᠡᠳᠪᠦᠷᠢᠯᠡᠯ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠵᠡᠷᠭᠡ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠰᠤᠮᠤ᠂ ᠭᠠᠴᠠᠭ᠎ᠠ᠂ ᠠᠶᠢᠯ ᠤᠨ ︽ᠭᠤᠷᠪᠠᠨ ᠳᠡᠰ︾ ᠤᠨ ᠲᠣᠭᠤᠷᠢᠨ ᠬᠠᠮᠠᠭᠠᠯᠠᠬᠤ ᠰᠢᠰᠲ᠋ᠧᠮ ᠢ ᠪᠠᠶᠢᠭᠤᠯᠵᠤ᠂ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ᠂ ᠣᠢ ᠰᠢᠭᠤᠢ ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ︽ᠲᠣᠣᠷ ᠲᠠᠲᠠᠬᠤ ᠮᠠᠶ᠋ᠢᠭ︾ ᠤᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠣᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠠᠰᠠᠭᠤᠳᠠᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠵᠢᠷᠤᠭ ᠲᠣᠯᠪᠤ ᠶᠢᠨ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠳᠠᠬᠢᠨ ᠬᠠᠭᠠᠯᠪᠤᠷᠢᠯᠠᠬᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠵᠢᠯᠲᠠᠨ᠂ ᠮᠧᠬᠠᠨᠢᠭ ᠬᠦᠴᠦᠨ ᠢ ᠲᠥᠪᠯᠡᠷᠡᠭᠦᠯᠦᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠳᠠᠯᠠᠵᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠲᠦᠷᠭᠡᠨ ᠪᠥᠭᠡᠳ ᠪᠣᠳᠠᠲᠠᠢ ᠪᠥᠭᠡᠳ ᠰᠢᠯᠢᠳᠡᠭ ᠪᠥᠭᠡᠳ ᠴᠢᠩᠭ᠎ᠠ︾ ᠠᠵᠢᠯ ᠤᠨ ᠪᠠᠷᠢᠮᠵᠢᠶ᠎ᠠ ᠪᠠᠷ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠢ ᠪᠠᠷ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ᠬᠠᠤᠯᠢ ᠶᠢ ᠵᠥᠷᠢᠴᠡᠨ ᠮᠠᠯᠵᠢᠬᠤ᠂ ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠣᠢ ᠮᠣᠳᠣ ᠶᠢ ᠣᠭᠲᠣᠯᠬᠤ᠂ ᠦᠨᠳᠦᠰᠦᠨ ᠲᠠᠷᠢᠶᠠᠨ ᠭᠠᠵᠠᠷ ᠵᠢᠴᠢ ᠲᠠᠷᠢᠶᠠᠨ ᠭᠠᠵᠠᠷ ᠢ ᠡᠵᠡᠯᠡᠬᠦ ᠠᠰᠠᠭᠤᠳᠠᠯ ᠢ ᠴᠢᠩᠭ᠎ᠠ ᠬᠤᠷᠢᠭᠯᠠᠵᠤ᠂ ︽ᠳᠥᠷᠪᠡ ᠶᠢ ᠴᠠᠭᠠᠵᠠᠯᠠᠬᠤ︾ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ᠂ ︽5 · 1︾ ᠤ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ᠂ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠤᠳᠠᠯᠳᠤᠭ᠎ᠠ ᠬᠡᠲᠦ ᠳᠡᠯᠭᠡᠭᠦᠷ ᠬᠤᠭᠤᠯᠠᠨ ᠭᠡᠷ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠣᠨᠴᠠᠭᠠᠶᠢᠯᠠᠨ ᠵᠠᠮ ᠤᠨ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠪᠣᠯᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠬᠤᠯᠠᠴᠢᠯᠠᠬᠤ ᠬᠡᠷᠡᠭᠲᠡᠢ᠃ ᠲᠠᠪᠤ ᠳᠤ᠂ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠵᠤ᠂ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠨᠡᠩ ᠭᠦᠨᠵᠡᠭᠡᠶᠢᠷᠡᠭᠦᠯᠬᠦ᠂ ᠠᠰᠠᠭᠤᠳᠠᠯ ᠢ ᠪᠠᠶᠢᠴᠠᠭᠠᠨ ᠳᠡᠯᠭᠡᠬᠦ ᠶᠢ ᠨᠡᠩ ᠣᠨᠣᠪᠴᠢᠲᠠᠢ ᠪᠣᠯᠭᠠᠬᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠡᠩ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠡᠷᠦᠬᠡ ᠶᠢᠨ ᠵᠣᠷᠯᠣᠩ ᠢ ᠲᠡᠮᠲᠡᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ 12345 ᠠᠵᠢᠯ ᠤᠨ ᠬᠠᠭᠤᠳᠠᠰᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号