ᠣᠶᠢᠷ᠎ᠠ ᠳᠤ᠂ ᠳᠤᠮᠳᠠᠳᠤ ᠤᠯᠤᠰ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠤᠯᠠᠭᠠᠨᠬᠤᠲᠠ ᠶᠢᠨ ᠬᠤᠪᠢᠶᠠᠷᠢ ᠪᠠᠩᠬᠢ ᠶᠢᠨ ᠠᠵᠢᠯᠲᠠᠳ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠳᠤ ᠪᠠᠶᠢᠭ᠎ᠠ ᠥᠪᠥᠷ ᠮᠣᠩᠭᠤᠯ ᠤᠨ ᠰᠢ ᠮᠦ ᠤᠰᠤ ᠠᠷᠪᠢᠯᠠᠬᠤ ᠤᠰᠤᠯᠠᠯᠲᠠ ᠶᠢᠨ | ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠤᠰᠤ ᠠᠷᠪᠢᠯᠠᠬᠤ ᠵᠢᠭᠡᠯᠡᠯᠭᠡ︾ ᠶᠢᠨ ᠵᠢᠭᠡᠯᠡᠯᠭᠡ ᠶᠢᠨ ᠳᠠᠷᠠᠭᠠᠬᠢ ᠬᠠᠷᠢᠭᠤ ᠰᠤᠷᠪᠤᠯᠵᠢᠯᠠᠬᠤ ᠠᠵᠢᠯ ᠢ ᠥᠷᠨᠢᠭᠦᠯᠪᠡ᠃ | ᠥᠪᠥᠷ ᠮᠣᠩᠭᠤᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠤᠰᠤ ᠠᠷᠪᠢᠯᠠᠬᠤ ᠨᠡᠶᠢᠭᠡᠮᠯᠢᠭ ᠤᠨ | ᠳᠡᠳ᠋ ᠳᠠᠷᠤᠭ᠎ᠠ ᠨᠢᠭᠡᠴᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠰᠢ ᠮᠦ ᠤᠰᠤ ᠠᠷᠪᠢᠯᠠᠬᠤ | ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠨᠡᠶᠢᠭᠡᠮᠯᠢᠭ ᠤᠨ ᠲᠠᠨᠢᠯᠴᠠᠭᠤᠯᠭ᠎ᠠ ᠪᠠᠷ ᠳᠠᠮᠵᠢᠭᠤᠯᠤᠨ᠂ | ᠳᠤᠮᠳᠠᠳᠤ ᠤᠯᠤᠰ ᠤᠨ ᠪᠠᠩᠬᠢ ᠶᠢᠨ 500 ᠲᠦᠮᠡᠨ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠤᠰᠤ | ᠠᠷᠪᠢᠯᠠᠬᠤ ᠵᠢᠭᠡᠯᠡᠯᠭᠡ︾ ᠶᠢᠨ ᠢᠲᠡᠭᠡᠮᠵᠢᠲᠦ ᠵᠢᠭᠡᠯᠡᠯᠭᠡ ᠶᠢ ᠠᠮᠵᠢᠯᠲᠠ ᠲᠠᠢ ᠪᠠᠷ ᠣᠯᠵᠤ᠂ ᠬᠢᠩᠭᠠᠨ ᠠᠶᠢᠮᠠᠭ ᠤᠨ | ᠠᠩᠬᠠᠳᠠᠭᠴᠢ ᠡᠨᠡ ᠬᠦ ᠰᠢᠨ᠎ᠡ ᠶᠢ ᠡᠭᠦᠳᠦᠭᠰᠡᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠬᠦᠷᠲᠡᠭᠰᠡᠨ ᠠᠵᠤ | ᠠᠬᠤᠶᠢᠯᠠᠯ ᠪᠣᠯᠤᠭᠰᠠᠨ ᠪᠠᠶᠢᠨ᠎ᠠ᠃ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠤᠰᠤ ᠠᠷᠪᠢᠯᠠᠬᠤ | ᠵᠢᠭᠡᠯᠡᠯᠭᠡ︾ ᠪᠣᠯ 2024 ᠣᠨ ᠤ 8 ᠰᠠᠷ᠎ᠠ ᠳᠤ ᠥᠪᠥᠷ ᠮᠣᠩᠭᠤᠯ ᠤᠨ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠤᠰᠤ ᠠᠷᠪᠢᠯᠠᠬᠤ ᠨᠡᠶᠢᠭᠡᠮᠯᠢᠭ ᠬᠢᠭᠡᠳ ᠳᠤᠮᠳᠠᠳᠤ ᠤᠯᠤᠰ ᠤᠨ ᠪᠠᠩᠬᠢ ᠶᠢᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠬᠠᠮᠲᠤ ᠪᠠᠷ ᠰᠢᠨ᠎ᠡ ᠶᠢ ᠡᠭᠦᠳᠴᠦ ᠭᠠᠷᠭᠠᠭᠰᠠᠨ ᠪᠠᠷᠢᠴᠠᠭ᠎ᠠ ᠥᠬᠡᠶ ᠢᠲᠡᠭᠡᠮᠵᠢᠲᠦ | ᠵᠢᠭᠡᠯᠡᠯᠭᠡ ᠶᠢᠨ ᠦᠢᠯᠡᠳᠬᠦᠨ ᠪᠣᠯᠤᠨ᠎ᠠ᠂ ᠲᠤᠰ ᠦᠢᠯᠡᠳᠬᠦᠨ ᠢ ᠬᠢᠨᠠᠨ ᠵᠥᠪᠰᠢᠶᠡᠷᠡᠵᠦ ᠳᠠᠭᠤᠰᠤᠭᠰᠠᠨ ᠤ ᠳᠠᠷᠠᠭ᠎ᠠ | ᠵᠥᠪᠬᠡᠨ ᠨᠢᠭᠡ ᠯᠡ ᠭᠠᠷᠠᠭ ᠢᠶᠠᠷ ᠵᠢᠭᠡᠯᠡᠯᠭᠡ ᠲᠠᠯᠪᠢᠵᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ | ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤᠮᠳᠠᠬᠢ ᠮᠥᠩᠭᠦᠨ ᠭᠦᠢᠯᠭᠡᠭᠡᠨ ᠤ ᠬᠦᠴᠦᠨ ᠵᠦᠢᠯ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠬᠦ ᠪᠠᠷ ᠵᠣᠷᠢᠯᠭ᠎ᠠ ᠪᠠᠨ ᠪᠣᠯᠭᠠᠪᠠ᠃ ᠵᠠᠰᠠᠭ ᠪᠠᠩᠬᠢ ᠶᠢᠨ ᠬᠠᠮᠲᠤᠷᠠᠯᠴᠠᠭᠠᠨ ᠤ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠵᠤ᠂ ᠲᠤᠬᠠᠶᠢᠯᠠᠭᠰᠠᠨ ᠠᠵᠢᠯ ᠤᠨ | ᠰᠣᠯᠢᠯᠴᠠᠭ᠎ᠠ ᠪᠣᠯᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠲᠤᠰ ᠵᠢᠭᠡᠯᠡᠯᠭᠡ ᠨᠢ ᠤᠰᠤ | ᠠᠷᠪᠢᠯᠠᠬᠤ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠳᠤ ᠬᠦᠴᠦᠲᠡᠢ ᠮᠥᠩᠭᠦᠨ ᠭᠦᠢᠯᠭᠡᠭᠡᠨ ᠤ ᠳᠡᠮᠵᠢᠯᠭᠡ | ᠬᠠᠩᠭᠠᠪᠠ᠃ ᠳᠤᠮᠳᠠᠳᠤ ᠤᠯᠤᠰ ᠤᠨ ᠪᠠᠩᠬᠢ ᠶᠢᠨ ᠠᠵᠢᠯᠲᠠᠳ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ | ᠣᠶᠢᠯᠠᠭᠠᠨ᠎ᠠ᠃ ᠳᠤᠮᠳᠠᠳᠤ ᠤᠯᠤᠰ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠤᠯᠠᠭᠠᠨᠬᠤᠲᠠ ᠬᠤᠪᠢᠶᠠᠷᠢ ᠪᠠᠩᠬᠢ ᠥᠪᠥᠷ ᠮᠣᠩᠭᠤᠯ ᠤᠨ ᠰᠢ ᠮᠦ ᠤᠰᠤ ᠠᠷᠪᠢᠯᠠᠬᠤ ᠤᠰᠤᠯᠠᠯᠲᠠ ᠶᠢᠨ | ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠶᠢᠨ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠭᠰᠠᠨ ᠤ | ᠳᠠᠷᠠᠭ᠎ᠠ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠢᠲᠡᠭᠡᠮᠵᠢ ᠶᠢᠨ ᠦᠨᠡᠯᠡᠨ ᠵᠢᠱᠢᠵᠦ᠂ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠣᠳᠣᠬᠢ ᠪᠠᠶᠢᠳᠠᠯ ᠨᠢ ᠵᠢᠭᠡᠯᠡᠯᠭᠡ ᠶᠢᠨ ᠱᠠᠭᠠᠷᠳᠠᠯᠭ᠎ᠠ ᠳᠤ | ᠨᠡᠶᠢᠴᠡᠵᠦ᠂ 2024 ᠣᠨ ᠤ 9 ᠰᠠᠷ᠎ᠠ ᠳᠤ ᠲᠡᠭᠦᠨ ᠳᠤ ᠵᠢᠭᠡᠯᠡᠯᠭᠡ ᠲᠠᠯᠪᠢᠪᠠ᠃ | ᠬᠠᠷᠢᠭᠤ ᠰᠤᠷᠪᠤᠯᠵᠢᠯᠠᠬᠤ ᠶᠠᠪᠤᠴᠠ ᠳᠤ᠂ ᠪᠠᠩᠬᠢ ᠶᠢᠨ ᠠᠵᠢᠯᠲᠠᠳ ᠠᠵᠤ ᠠᠬᠤᠶᠢᠯᠠᠯ ᠲᠠᠢ ᠰᠠᠨᠠᠯ ᠢᠶᠠᠨ | ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ᠂ | ᠦᠢᠯᠡᠳᠪᠦᠷᠢᠯᠡᠯ ᠡᠵᠡᠩᠨᠡᠯᠲᠡ ᠶᠢᠨ ᠣᠳᠣᠬᠢ ᠪᠠᠶᠢᠳᠠᠯ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠨᠠᠷᠢᠨ ᠣᠶᠢᠯᠠᠭᠠᠪᠠ᠃ ᠳᠤᠮᠳᠠᠳᠤ ᠤᠯᠤᠰ ᠤᠨ ᠪᠠᠩᠬᠢ ᠶᠢᠨ ᠠᠵᠢᠯᠲᠠᠳ ᠠᠵᠤ ᠠᠬᠤᠶᠢᠯᠠᠯ ᠤᠨ ᠵᠢᠭᠡᠯᠡᠯᠭᠡ ᠶᠢᠨ | ᠪᠡᠯᠡ ᠮᠥᠩᠭᠦᠨ ᠤ ᠬᠠᠨᠳᠤᠱᠢ ᠶᠢ ᠣᠶᠢᠯᠠᠭᠠᠨ᠎ᠠ᠃ ︽ᠶᠠᠪᠤᠴᠠ ᠪᠠᠷ ᠮᠠᠰᠢ ᠤᠷᠤᠭᠰᠢᠲᠠᠢ᠂ ᠵᠣᠭᠤᠰ ᠥᠭᠬᠦ ᠶᠢ ᠴᠠᠭ | ᠲᠤᠬᠠᠢ ᠳᠤᠨᠢ ᠥᠨᠳᠥᠷ ᠪᠦᠲᠦᠮᠵᠢᠲᠡᠢ ᠪᠠᠶᠢᠯᠭᠠᠵᠤ᠂ ᠡᠨᠡ ᠬᠦ ᠵᠢᠭᠡᠯᠡᠯᠭᠡ ᠪᠠᠷ ᠳᠠᠮᠵᠢᠭᠤᠯᠤᠨ᠂ ᠪᠢᠳᠡᠨ ᠳᠤ ᠪᠡᠯᠡ | ᠮᠥᠩᠭᠦ ᠶᠢᠨ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠪᠦᠬᠦᠯᠢ ᠴᠣᠭᠴᠠ ᠶᠢᠨ | ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠪᠡ᠂ ᠪᠢᠳᠡ ᠡᠨᠡ 500 ᠲᠦᠮᠡᠨ ᠵᠢᠭᠡᠯᠡᠯᠭᠡ ᠶᠢ | ᠲᠥᠬᠦᠭᠡᠷᠦᠮᠵᠢ ᠶᠢ ᠳᠡᠰ ᠳᠡᠪᠰᠢᠭᠦᠯᠬᠦ ᠪᠠ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠳᠤ ᠬᠡᠷᠡᠭᠯᠡᠪᠡ᠃ ᠪᠠᠷᠢᠴᠠᠭ᠎ᠠ | ᠦᠭᠡᠢ ᠢᠲᠡᠭᠡᠮᠵᠢᠲᠦ ᠵᠢᠭᠡᠯᠡᠯᠭᠡ ᠪᠣᠯᠤᠭᠰᠠᠨ ᠤ ᠬᠤᠪᠢ ᠳᠤ᠂ ᠨᠡᠩ ᠴᠤ ᠪᠡᠯᠡᠨ ᠮᠥᠩᠭᠦᠨ ᠤ ᠭᠦᠢᠯᠭᠡᠭᠡᠨ ᠤ | ᠳᠠᠷᠤᠯᠲᠠ ᠶᠢ ᠨᠠᠮᠳᠠᠭᠤᠯᠵᠤ᠂ ᠪᠡᠯᠡ ᠮᠥᠩᠭᠦᠨ ᠤ ᠭᠦᠢᠯᠭᠡᠭᠡᠨ ᠤ ᠴᠢᠨᠠᠷ ᠢ ᠠᠮᠢᠯᠠᠭᠤᠯᠵᠤ᠂ ᠠᠵᠤ ᠠᠬᠤᠶᠢᠯᠠᠯ ᠤᠨ | ᠪᠣᠬᠢᠷᠲᠤᠯ ᠦᠭᠡᠢ ᠬᠥᠭᠵᠢᠯᠲᠡ ᠳᠤ ︽ᠠᠮᠤ ᠪᠤᠳᠠᠭ᠎ᠠ︾ ᠬᠠᠩᠭᠠᠪᠠ᠃ ᠥᠪᠥᠷ ᠮᠣᠩᠭᠤᠯ ᠤᠨ ᠰᠢᠮᠦᠤᠰᠤ | ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠬᠠᠨ | ᠢᠩ ᠢ ᠵᠦᠩ ᠬᠡᠯᠡᠪᠡ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠰᠢ ᠮᠤ᠋ ᠤᠰᠤ ᠠᠷᠪᠢᠯᠠᠬᠤ ᠤᠰᠤᠯᠠᠯᠲᠠ ᠶᠢᠨ | ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠪᠠᠶᠠᠵᠢᠨ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ 4550 ᠲᠦᠮᠡᠨ ᠲᠥᠭᠦᠷᠢᠭ ᠲᠤ ᠬᠦᠷᠴᠦ᠂ 43.49 ᠮᠦ ᠲᠠᠯᠠᠪᠠᠢ | ᠡᠵᠡᠯᠡᠵᠦ᠂ 2016 ᠣᠨ ᠳᠤ ᠵᠢᠩᠬᠢᠨᠢ ᠪᠠᠷ ᠦᠢᠯᠡᠳᠪᠦᠷᠢᠯᠡᠯ ᠳᠤ ᠣᠷᠣᠭᠤᠯᠪᠠ᠃ ᠲᠠᠷᠢᠶᠠᠯᠠᠩ ᠤᠨ ᠦᠨᠳᠦᠰᠦᠨ | ᠪᠦᠲᠦᠭᠡᠨ ᠪᠠᠶᠢᠭᠤᠯᠤᠯᠲᠠ ᠳᠤ ᠦᠢᠯᠡᠴᠢᠯᠡᠭᠰᠡᠨ ᠠᠵᠤ ᠠᠬᠤᠶᠢᠯᠠᠯ ᠮᠥᠨ᠂ ᠺᠣᠮᠫᠠᠨᠢ ᠠᠴᠠ ᠣᠯᠠᠨ ᠤᠯᠤᠰ ᠤᠨ | ᠲᠡᠷᠢᠭᠦᠨ ᠤ ᠬᠢᠷᠢ ᠲᠦᠪᠰᠢᠨ ᠪᠦᠬᠦᠢ ᠲᠤᠰᠤᠯᠭᠠᠨ ᠤᠰᠤᠯᠠᠬᠤ ᠪᠦᠰᠡ ᠶᠢᠨ ᠦᠢᠯᠡᠳᠪᠦᠷᠢᠯᠡᠯ ᠤᠨ ᠱᠤᠭᠤᠮ 12 | ᠵᠤᠷᠪᠤᠰ᠂ ᠵᠥᠭᠡᠯᠡᠨ ᠪᠦᠰᠡ ᠶᠢᠨ ᠦᠢᠯᠡᠳᠪᠦᠷᠢᠯᠡᠯ ᠤᠨ ᠱᠤᠭᠤᠮ 3 ᠵᠤᠷᠪᠤᠰ᠂ ᠪᠢᠴᠢᠯ ᠰᠦᠷᠴᠢᠯᠲᠡ ᠶᠢᠨ ᠪᠦᠰᠡ | 1 ᠵᠤᠷᠪᠤᠰ ᠵᠢᠴᠢ PP᠂ PE ᠬᠤᠭᠤᠯᠠᠢ ᠶᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ 9 ᠵᠤᠷᠪᠤᠰ᠂ | ᠡᠭᠡᠭᠦᠯᠦᠨ ᠦᠢᠯᠡᠳᠬᠦ ᠮᠥᠬᠦᠯᠢᠭᠲᠦ ᠲᠥᠬᠦᠭᠡᠷᠦᠮᠵᠢ ᠶᠢ 2 ᠢᠵᠢ ᠣᠷᠣᠭᠤᠯᠤᠨ ᠠᠪᠴᠢᠷᠠᠵᠤ᠂ ᠵᠢᠯ ᠳᠤ 16 | ᠳ᠋ᠦᠩᠰᠢᠭᠤᠷ ᠮᠧᠳ᠋ᠷ ᠲᠤᠰᠤᠯᠭᠠᠨ ᠤᠰᠤᠯᠠᠬᠤ᠂ ᠡᠯ᠎ᠡ ᠵᠦᠢᠯ ᠤᠨ ᠬᠤᠭᠤᠯᠠᠢ ᠶᠢᠨ ᠮᠠᠲ᠋ᠧᠷᠢᠶᠠᠯ ᠢ 5000 ᠲᠣᠨ᠂ | ᠬᠠᠶᠠᠭᠳᠠᠮᠠᠯ ᠬᠠᠭᠤᠴᠢᠨ ᠲᠤᠰᠤᠯᠭᠠᠨ ᠤᠰᠤᠯᠠᠬᠤ ᠪᠦᠰᠡ᠂ ᠰᠦᠯᠢᠶᠣᠣ ᠪᠦᠷᠬᠦᠪᠴᠢ ᠶᠢ 4000 ᠲᠣᠨ ᠬᠤᠷᠢᠶᠠᠨ | ᠠᠪᠤᠨ᠎ᠠ᠃ ᠪᠦᠲᠦᠭᠡᠭᠳᠡᠬᠦᠨ ᠢ ᠬᠦᠯᠡᠮᠵᠢ᠂ ᠲᠣᠮᠣ ᠲᠠᠷᠢᠶᠠᠨ ᠤ ᠲᠠᠷᠢᠮᠠᠯ᠂ ᠬᠠᠳᠤᠯᠠᠩ ᠪᠡᠯᠴᠢᠭᠡᠷ ᠵᠡᠷᠭᠡ ᠬᠦᠷᠢᠶ᠎ᠡ | ᠴᠠᠷᠠᠭ᠎ᠠ ᠵᠢᠴᠢ ᠠᠭᠤᠯᠠᠷᠬᠠᠭ ᠣᠷᠣᠨ᠂ ᠳᠣᠪᠣᠷᠬᠠᠭ ᠵᠡᠷᠭᠡ ᠭᠠᠩ ᠬᠠᠭᠤᠷᠠᠢ ᠭᠠᠵᠠᠷ ᠣᠷᠣᠨ ᠳᠤ ᠤᠰᠤ ᠬᠠᠩᠭᠠᠬᠤ | ᠤᠰᠤ ᠵᠠᠯᠠᠬᠤ ᠪᠠ ᠥᠨᠳᠥᠷ ᠦᠷ᠎ᠡ ᠪᠦᠲᠦᠮᠵᠢᠲᠡᠢ ᠤᠰᠤ ᠠᠷᠪᠢᠯᠠᠬᠤ ᠢᠨᠵᠧᠨᠧᠷᠢᠩ ᠳᠤ ᠥᠷᠭᠡᠨ ᠢᠶᠠᠷ ᠬᠡᠷᠡᠭᠯᠡᠵᠦ᠂ | ᠵᠢᠯ ᠪᠦᠷᠢ 100 ᠲᠦᠮᠡᠨ ᠮᠦ ᠲᠠᠷᠢᠶᠠᠨ ᠭᠠᠵᠠᠷ ᠲᠤ ᠲᠤᠰᠤᠯᠭᠠᠨ ᠤᠰᠤᠯᠠᠬᠤ ᠰᠢᠰᠲ᠋ᠧᠮ ᠤᠨ ᠲᠥᠬᠦᠭᠡᠷᠦᠮᠵᠢ | ᠬᠠᠩᠭᠠᠬᠤ ᠪᠣᠯᠤᠨ᠎ᠠ᠃ |