ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2025/4/29
   ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ ᠲᠠᠷᠢᠶᠠᠴᠢᠨ ᠰᠡᠬᠡᠭᠡᠲᠡᠨ ᠪᠣᠯᠤᠨ ᠪᠤᠰᠤᠳ ᠬᠥᠳᠡᠯᠮᠦᠷᠢᠴᠢᠨ ᠲᠦᠮᠡᠨ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠠᠵᠢᠯᠴᠢᠨ ᠤ ᠡᠪᠯᠡᠯ ᠤᠨ ᠪᠦᠬᠦ ᠠᠵᠢᠯᠲᠠᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ︕ ᠬᠥᠬᠢᠭᠦᠯᠦᠨ ᠰᠠᠶᠢᠰᠢᠶᠠᠭᠳᠠᠭᠰᠠᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ︕   ᠯᠢ ᠴᠢᠶᠠᠩ ᠬᠤᠷᠠᠯ ᠢ ᠡᠷᠭᠢᠯᠡᠵᠦ ᠵᠣᠣ ᠯᠧ ᠵᠢᠶ ᠸᠠᠩ ᠬᠣ᠋ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ ᠳᠤ ᠤᠷᠤᠯᠴᠠᠵᠤ ᠼᠠᠢ ᠴᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ   ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 28 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯᠴᠢᠨ ᠠᠩᠬᠢ ᠪᠣᠯᠤᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠲᠥᠰᠦᠪ ᠢ ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ ᠪᠤᠲᠠᠲᠤ ᠠᠬᠤᠢ ᠪᠤᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ ᠪᠣᠯᠤᠨ ᠪᠤᠰᠤᠳ ᠬᠥᠳᠡᠯᠮᠦᠷᠢᠴᠢᠨ ᠲᠦᠮᠡᠨ ᠳᠤ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠠᠵᠢᠯᠴᠢᠨ ᠤ ᠡᠪᠯᠡᠯ ᠤᠨ ᠪᠦᠬᠦ ᠠᠵᠢᠯᠳᠠᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ︕ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠲᠠᠶᠢᠸᠠᠨ ᠣᠷᠣᠨ ᠤ ᠠᠵᠢᠯᠴᠢᠨ ᠤ ᠡᠪᠯᠡᠯ ᠪᠣᠯᠤᠨ ᠬᠥᠳᠡᠯᠮᠦᠷᠢᠴᠢᠳ ᠤᠨ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ︕ ᠬᠥᠬᠢᠭᠦᠯᠦᠨ ᠰᠠᠶᠢᠰᠢᠶᠠᠭᠳᠠᠭᠰᠠᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ︕   ᠯᠢ ᠴᠢᠶᠠᠩ ᠶᠡᠭᠡ ᠬᠤᠷᠠᠯ ᠢ ᠡᠷᠬᠢᠯᠡᠵᠦ᠂ ᠵᠤᠤ ᠯᠤ᠋ ᠵᠢᠢ᠂ ᠸᠠᠩ ᠬᠣ᠋ ᠨᠢᠩ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠵᠤ᠂ ᠼᠠᠢ ᠴᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃   ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠥᠭᠡᠳ ᠬᠥᠷ ᠬᠥᠭᠵᠢᠶᠡᠨ ᠲᠠᠢ ᠠᠭᠤᠷ ᠠᠮᠢᠰᠬᠤᠯ ᠪᠢᠯᠬᠠᠨ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ︾ ᠭᠡᠰᠡᠨ ᠦᠰᠦᠭ ᠲᠠᠢ᠂ ᠠᠷᠤ ᠬᠥᠰᠢᠭᠡ ᠶᠢᠨ ᠭᠤᠣᠯ ᠳᠤᠮᠳᠠ ᠨᠢ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠬᠤᠷᠠᠯ ᠤᠨ ᠰᠦᠯᠳᠡ ᠶᠢ ᠡᠯᠭᠦᠵᠦ᠂ ᠬᠤᠷᠠᠯ ᠤᠨ ᠰᠦᠯᠳᠡ ᠶᠢᠨ ᠳᠣᠣᠷ᠎ᠠ ᠲᠠᠯ᠎ᠠ ᠳᠤ ︽1925 — 2025︾ ᠭᠡᠰᠡᠨ ᠲᠤᠭ᠎ᠠ ᠡᠯᠬᠦᠵᠤ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠵᠠᠢ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ᠄ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤᠮᠳᠠ ᠠᠵᠢᠯᠴᠢᠨ ᠠᠩᠭᠢ ᠶᠢᠨ ᠭᠤᠤᠯ ᠬᠦᠴᠦᠨ ᠤ ᠦᠢᠯᠡᠳᠦᠯ ᠪᠠ ᠠᠵᠢᠯᠴᠢᠨ ᠤ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠶ᠎ᠠ︕︾ ᠭᠡᠬᠦ ᠤᠷᠢᠶ᠎ᠠ ᠶᠢ ᠡᠯᠭᠦᠵᠠᠢ᠃   ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠵᠡᠢ᠃ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃   ᠼᠠᠢ ᠴᠢ ︽ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃ 1670 ᠬᠥᠮᠦᠨ ᠳᠤ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠶᠢᠨ ᠴᠣᠯᠠ ᠣᠯᠭᠤᠵᠤ᠂ 756 ᠬᠥᠮᠦᠨ ᠳᠤ ᠪᠦᠬᠦ ᠤᠯᠤᠰ ᠤᠨ ᠲᠡᠷᠢᠭᠦᠨ ᠤ ᠠᠵᠢᠯᠳᠠᠨ ᠤ ᠴᠣᠯᠠ ᠣᠯᠭᠤᠪᠠ᠃   ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠤ ᠲᠥᠯᠥᠭᠡᠯᠡᠭᠴᠢ ᠠᠯᠬᠤᠮ ᠲᠠᠷᠠᠭ᠎ᠠ ᠲᠠᠢ ᠲᠡᠷᠢᠭᠦᠯᠡᠭᠴᠢ ᠶᠢᠨ ᠲᠠᠶᠢᠰᠠᠨ ᠳᠤ ᠭᠠᠷᠴᠤ᠂ ᠰᠢ ᠶᠢᠨ ᠫᠢᠩ ᠨᠡᠷ ᠲᠡᠳᠡᠨ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃   ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠤᠤᠷ᠎ᠠ᠂ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠡᠯ᠎ᠡ ᠲᠡᠦᠬᠡᠨ ᠴᠠᠭ ᠦᠶ᠎ᠡ ᠶᠢᠨ ᠭᠤᠤᠯ ᠡᠭᠦᠷᠭᠡ ᠶᠢᠨ ᠲᠣᠭᠤᠷᠢᠨ ᠳᠤ᠂ ᠮᠠᠨ ᠤ ᠤᠯᠤᠰ ᠤᠨ ᠠᠵᠢᠯᠴᠢᠨ ᠠᠩᠭᠢ ᠶᠢ ᠪᠦᠯᠬᠦᠮᠳᠡᠭᠦᠯᠦᠨ ᠳᠠᠶᠢᠴᠢᠯᠠᠵᠤ ᠨᠠᠮ ᠤᠨ ᠠᠯᠬᠤᠭ᠎ᠠ ᠶᠢ ᠰᠠᠯᠤᠯ ᠥᠬᠡᠶ ᠳᠠᠭᠠᠵᠤ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠢ ᠠᠬᠢᠭᠤᠯᠬᠤ ᠳᠤᠮᠳᠠ ᠪᠠᠯᠠᠷᠠᠰᠢ ᠥᠬᠡᠶ ᠭᠠᠪᠢᠶ᠎ᠠ ᠵᠢᠳᠭᠦᠯ ᠪᠠᠶᠢᠭᠤᠯᠵᠤ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯᠴᠢᠨ ᠠᠩᠬᠢ ᠪᠣᠯᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ ᠴᠢᠬᠤᠯᠠ ᠠᠵᠢᠯ ᠢ ᠪᠠᠶᠢᠷᠢᠯᠠᠭᠤᠯᠤᠨ ᠠᠬᠢᠭᠤᠯᠵᠤ᠂ ᠠᠯᠢ ᠤᠯᠠᠨ ᠴᠢᠭᠯᠡᠬᠦᠯᠦᠯᠲᠤ ᠴᠢᠨᠠᠷᠲᠠᠢ᠂ ᠦᠨᠳᠦᠰᠦᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠠᠮ ᠤᠨ ᠠᠵᠢᠯᠴᠢᠨ ᠤ ᠬᠥᠳᠡᠯᠭᠡᠭᠡᠨ ᠤ ᠤᠨᠤᠯ ᠢ ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠤᠯᠵᠤ᠂ ᠪᠦᠬᠦ ᠲᠠᠯ᠎ᠠ ᠶᠢᠨ ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠪᠠ᠃ ᠡᠯ᠎ᠡ ᠱᠠᠲᠤᠨ ᠤ ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠶᠢᠴᠢᠯᠠᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠴᠢᠬᠤᠯᠠᠴᠢᠯᠠᠪᠠ᠃   ᠰᠢ ᠶᠢᠨ ᠫᠢᠩ᠂ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠠ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠶ ᠠᠩᠭᠢ ᠶᠢᠨ ᠰᠠᠭᠤᠷᠢ ᠮᠥᠨ᠂ ᠨᠡᠷ᠎ᠠ ᠨᠢᠳᠡᠷ ᠲᠡᠭᠡᠨ ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ ᠤᠳᠤᠷᠢᠳᠬᠤ ᠠᠩᠭᠢ ᠮᠥᠨ᠂ ᠨᠡᠷ᠎ᠠ ᠨᠢᠳᠡᠷ ᠲᠡᠭᠡᠨ ᠲᠡᠩᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ ᠲᠥᠯᠥᠭᠡᠯᠡᠭᠴᠢ ᠮᠥᠨ᠂ ᠨᠡᠷ᠎ᠠ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ ᠢ 100 ᠵᠢᠯ ᠤᠨ ᠲᠤᠷᠰᠢᠬᠢ ᠦᠢᠯᠡᠳᠦᠯᠭᠡ ᠭᠦᠢᠴᠡᠳ ᠭᠡᠷᠡᠴᠢᠯᠡᠪᠡ᠃ ᠮᠠᠨ ᠤ ᠤᠯᠤᠰ ᠤᠨ ᠠᠵᠢᠯᠴᠢᠨ ᠤ ᠡᠪᠯᠡᠯ ᠪᠣᠯ ᠨᠡᠷ᠎ᠠ ᠨᠢᠳᠡᠷ ᠲᠡᠭᠡᠨ ᠲᠠᠩᠴᠡᠭᠰᠡᠨ ᠨᠠᠮ ᠠᠴᠠ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠦᠨ᠂ ᠨᠡᠷ᠎ᠠ ᠨᠢᠳᠡᠷ ᠲᠡᠭᠡᠨ ᠲᠡᠩᠴᠡᠭᠰᠡᠨ ᠨᠡᠶᠢᠭᠡᠮ ᠵᠢᠷᠤᠮᠲᠤ ᠲᠦᠷᠦ ᠶᠢᠨ ᠡᠷᠬᠡ ᠶᠢᠨ ᠨᠡᠶᠢᠭᠡᠮ ᠤᠨ ᠴᠢᠬᠤᠯᠠ ᠲᠤᠯᠭᠠᠭᠤᠷᠢ ᠮᠦᠨ᠂ ᠨᠡᠷ᠎ᠠ ᠨᠢᠳᠡᠷ ᠲᠡᠭᠡᠨ ᠲᠡᠩᠴᠡᠭᠰᠡᠨ ᠠᠵᠢᠯᠲᠠᠨ ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠮᠦᠨ᠃ ᠴᠠᠭ ᠦᠶ᠎ᠡ ᠶᠢᠨ ᠨᠥᠬᠦᠴᠡᠯ ᠪᠠ ᠨᠡᠶᠢᠭᠡᠮ ᠤᠨ ᠬᠠᠮᠲᠤ ᠤᠯᠠᠨ ᠬᠡᠷᠬᠢᠨ ᠬᠥᠭᠵᠢᠨ ᠬᠤᠪᠢᠷᠠᠭᠰᠠᠨ ᠴᠤ ᠮᠠᠨ ᠤ ᠤᠯᠤᠰ ᠤᠨ ᠠᠵᠢᠯᠴᠢᠨ ᠠᠩᠬᠢ ᠶᠢᠨ ᠪᠠᠶᠢᠷᠢ ᠰᠠᠭᠤᠷᠢ ᠪᠠ ᠦᠢᠯᠡᠳᠦᠯ ᠢ ᠭᠤᠶᠢᠪᠢᠯᠵᠠᠭᠤᠯᠵᠤ ᠪᠣᠯᠬᠤ ᠦᠭᠡᠢ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠵᠢᠯᠴᠢᠨ ᠠᠩᠬᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ ᠪᠣᠯᠬᠤ ᠦᠭᠡᠢ᠂ ᠮᠠᠨ ᠤ ᠤᠯᠤᠰ ᠤᠨ ᠠᠵᠢᠯᠴᠢᠨ ᠤ ᠡᠪᠯᠡᠯ ᠤᠨ ᠰᠢᠨᠵᠢ ᠴᠢᠨᠠᠷ ᠪᠠ ᠡᠭᠦᠷᠭᠡ ᠴᠢᠳᠠᠪᠤᠷᠢ ᠶᠢ ᠭᠤᠶᠢᠪᠢᠯᠵᠠᠭᠤᠯᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ 100 ᠵᠢᠯ ᠤᠨ ᠲᠤᠷᠰᠢᠬᠢ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠤᠨᠤᠯ ᠤᠨ ᠰᠢᠨ᠎ᠡ ᠡᠭᠦᠳᠦᠯᠲᠡ ᠪᠣᠯᠤᠨ ᠦᠢᠯᠡᠳᠦᠯᠭᠡ ᠶᠢᠨ ᠬᠥᠭᠵᠢᠯᠲᠡ ᠶᠢᠨ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠵᠠᠮ ᠢ ᠪᠦᠷᠢᠯᠳᠦᠭᠦᠯᠦᠭᠰᠡᠨ ᠶᠠᠪᠤᠳᠠᠯ ᠪᠣᠯᠤᠨ᠎ᠠ᠃ ᠡᠨᠡ ᠬᠦ ᠵᠠᠮ ᠨᠢ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠵᠢᠯᠴᠢᠨ ᠠᠩᠬᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠨᠠᠮ ᠤᠨ ᠭᠤᠣᠯ ᠡᠭᠦᠷᠭᠡ ᠶᠢ ᠲᠠᠭᠠᠬᠤ ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠷᠢᠮᠲᠠᠯᠠᠵᠤ᠂ ᠠᠵᠢᠯᠳᠠᠨ ᠠᠵᠢᠯᠴᠢᠨ ᠲᠦᠮᠡᠨ ᠳᠤ ᠦᠢᠯᠡᠴᠢᠯᠡᠬᠦ ᠪᠠᠷ ᠠᠮᠢ ᠨᠠᠰᠤᠨ ᠤ ᠱᠤᠭᠤᠮ ᠪᠣᠯᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠲᠦᠷᠢᠮ ᠶᠣᠰᠣᠭᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠨᠠᠮ ᠠᠴᠠ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠢ ᠤᠳᠤᠷᠢᠳᠤᠭᠰᠠᠨ ᠡᠷᠬᠢᠮ ᠨᠠᠨᠳᠢᠨ ᠲᠤᠷᠰᠢᠯᠭ᠎ᠠ ᠶᠢᠨ ᠭᠦᠨᠵᠡᠭᠡᠢ ᠳ᠋ᠦᠩᠨᠡᠯᠲᠡ ᠮᠥᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠨᠠᠮ ᠤᠨ ᠭᠤᠣᠯ ᠡᠭᠦᠷᠭᠡ ᠪᠣᠯ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠴᠠᠭ ᠦᠶ᠎ᠡ ᠶᠢᠨ ᠭᠤᠣᠯ ᠰᠡᠳᠦᠪ ᠪᠣᠯᠤᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠮᠠᠨ ᠤ ᠤᠯᠤᠰ ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠤᠯᠠᠮ ᠳᠠᠶᠢᠴᠢᠯᠠᠨ ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ ᠠᠵᠢᠯᠳᠠᠨ ᠠᠵᠢᠯᠴᠢᠨ ᠪᠣᠯᠤᠨ ᠬᠥᠳᠡᠯᠮᠦᠷᠢᠴᠢᠨ ᠲᠦᠮᠡᠨ ᠤ ᠭᠠᠪᠢᠶ᠎ᠠ ᠪᠠᠶᠢᠭᠤᠯᠵᠤ ᠦᠢᠯᠡᠰ ᠪᠤᠰᠬᠠᠬᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ᠃ ᠬᠠᠮᠲᠤ ᠪᠠᠷ ᠪᠠᠶᠠᠵᠢᠬᠤ᠋ ᠶᠢ ᠠᠬᠢᠭᠤᠯᠬᠤ ᠶᠢ ᠠᠩᠬᠠᠷᠴᠤ᠂ ᠥᠷᠭᠡᠨ ᠤᠯᠠᠨ ᠠᠵᠢᠯᠳᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠤ ᠠᠵᠠ ᠵᠢᠷᠭᠠᠯ ᠢ ᠯᠠᠪᠳᠠᠭᠤᠨ ᠢᠶᠠᠷ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠪᠣᠯ ᠴᠦᠮ ᠠᠷᠠᠳ ᠲᠦᠮᠡᠨ ᠤ ᠬᠡᠪ ᠳᠠᠭᠤᠷᠢᠶᠠᠯ᠂ ᠤᠯᠤᠰ ᠤᠨ ᠲᠤᠯᠭᠠᠭᠤᠷᠢ ᠬᠦᠴᠦᠨ ᠮᠥᠨ᠂ ᠪᠦᠬᠦ ᠨᠡᠶᠢᠭᠡᠮ ᠢᠶᠠᠷ ᠢᠶᠠᠨ ᠳᠡᠳᠡᠨ ᠤ ᠦᠢᠯᠡ ᠠᠵᠢᠯᠯᠠᠭ᠎ᠠ ᠶᠢ ᠰᠤᠷᠤᠯᠴᠠᠵᠤ᠂ ᠳᠡᠳᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢᠷᠠᠭᠤ ᠠᠯᠳᠠᠷ ᠢᠶᠠᠨ ᠨᠠᠨᠳᠢᠩᠨᠠᠨ᠂ ᠮᠥᠨ ᠴᠢᠨᠠᠷ ᠢᠶᠠᠨ ᠬᠠᠳᠠᠭᠠᠯᠠᠵᠤ᠂ ᠦᠷᠭᠦᠯᠵᠢᠯᠡᠨ ᠴᠢᠷᠮᠠᠶᠢᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠲᠥᠪ ᠬᠤᠷᠢᠶ᠎ᠡ ᠶᠢᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ ᠠᠵᠢᠯᠲᠠᠨ ᠠᠵᠢᠯᠴᠢᠨ ᠢᠶᠠᠷ ᠭᠤᠣᠯ ᠪᠣᠯᠭᠠᠭᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠠᠵᠢᠯᠲᠠᠨ ᠠᠵᠢᠯᠴᠢᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠤ ᠵᠢᠭᠠᠵᠤ ᠭᠠᠷᠭᠠᠪᠠ    ᠰᠢ ᠶᠢᠨ ᠫᠢᠩ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠠᠵᠢᠯᠴᠢᠨ ᠤ ᠡᠪᠯᠡᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠶᠢᠳᠪᠦᠷᠢᠯᠡᠵᠦ᠂ ᠠᠵᠢᠯᠴᠢᠨ ᠤ ᠡᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ ︵ᠶᠠᠷᠢᠶᠠᠨ ᠤ ᠪᠦᠬᠦ ᠠᠭᠤᠯᠭ᠎ᠠ ᠶᠢ ᠠᠰ ᠲᠤᠨᠢ ᠨᠡᠶᠢᠲᠡᠯᠡᠪᠠ︶   ᠯᠢ ᠴᠢᠶᠠᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ 100 ᠵᠢᠯ ᠤᠨ ᠲᠤᠷᠰᠢᠬᠢ ᠨᠠᠮ ᠤᠨ ᠤᠳᠤᠷᠢᠳᠤᠭᠰᠠᠨ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠤ ᠭᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠶᠡᠭᠡ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ ᠤᠯᠤᠰ ᠤᠨ ᠠᠵᠢᠯᠴᠢᠨ ᠠᠩᠭᠢ ᠪᠣᠯᠣᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠠᠬᠢ ᠪᠠᠶᠢᠷᠢ ᠰᠠᠭᠤᠷᠢ ᠪᠣᠯᠣᠨ ᠦᠢᠯᠡᠳᠦᠯ ᠢ ᠭᠦᠢᠴᠡᠳ ᠨᠤᠲᠠᠯᠠᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠶᠠᠷᠢᠶᠠᠨ ᠳᠤ ᠨᠠᠮ ᠤᠨ ᠲᠥᠪ ᠬᠤᠷᠢᠶ᠎ᠠ ᠠᠴᠠ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠢ ᠳᠣᠲᠣᠨᠣ ᠪᠠᠷ ᠬᠠᠯᠠᠮᠵᠢᠯᠠᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ ᠠᠵᠢᠯᠴᠢᠨ ᠤ ᠡᠪᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠲᠠᠬᠢᠨ ᠰᠢᠨ᠎ᠡ ᠭᠠᠪᠢᠶ᠎ᠠ ᠪᠠᠶᠢᠭᠤᠯᠤᠨ᠂ ᠲᠠᠬᠢᠨ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ ᠭᠡᠵᠤ ᠵᠢᠭᠠᠵᠤ ᠭᠠᠷᠭᠠᠪᠠ᠃   ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠶᠡᠭᠡ ᠬᠤᠷᠠᠯ ᠳᠡᠭᠡᠷ᠎ᠡ ᠦᠭᠡ ᠬᠡᠯᠡᠪᠡ᠃   ᠶᠡᠭᠡ ᠬᠤᠷᠠᠯ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠳᠤᠮᠳᠠ ᠲᠡᠭᠦᠰᠪᠡ᠃   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠡ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠤᠳᠤᠷᠢᠳᠬᠤ ᠲᠤᠰᠢᠶᠠᠯ ᠢ ᠡᠭᠦᠷᠭᠡᠯᠡᠵᠤ ᠦᠡᠭᠭᠡᠷᠡᠭᠰᠡᠨ ᠠᠬᠠᠮᠠᠳ ᠨᠦᠬᠦᠳ ᠬᠤᠷᠠᠯ ᠳᠤ ᠤᠷᠤᠯᠴᠠᠪᠠ᠃   ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠡᠯ᠎ᠡ ᠮᠤᠵᠢ ᠶᠢᠨ ᠱᠠᠲᠤᠨ ᠤ ᠠᠵᠢᠯᠴᠢᠨ ᠤ ᠶᠡᠷᠦᠩᠬᠡᠢ ᠡᠪᠯᠡᠯ ᠤᠨ ᠲᠥᠯᠥᠭᠡᠯᠡᠭᠴᠢ᠂ 2025 ᠣᠨ ᠤ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ᠂ ᠥᠩᠭᠡᠷᠡᠭᠰᠡᠨ ᠬᠤᠭᠤᠴᠠᠭᠠᠨ ᠤ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢ ᠵᠡᠷᠭᠡ 3000 ᠭᠠᠷᠤᠢ ᠬᠥᠮᠥᠨ ᠶᠡᠭᠡ ᠬᠤᠷᠠᠯ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 28 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号