ᠰᠢ ᠶᠢᠨ ᠫᠢᠩ | | ᠨᠥᠬᠦᠳ ᠠ᠋᠂ ᠨᠠᠶᠢᠵᠠ ᠨᠠᠷ ᠠ᠋᠄ | ︽5•1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠪᠢᠳᠡ | ᠦᠪᠡᠳᠡᠭᠰᠢ ᠶᠡᠭᠡ ᠴᠤᠭᠯᠠᠭᠠᠨ ᠪᠣᠯᠵᠤ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠭᠡᠷᠡᠯ | ᠰᠠᠴᠤᠷᠠᠩᠭᠤᠢ ᠥᠩᠭᠡᠷᠡᠯᠲᠡ ᠪᠣᠯᠣᠨ ᠠᠭᠤᠤ ᠶᠡᠭᠡ ᠠᠮᠵᠢᠯᠲᠠ ᠪᠦᠲᠦᠮᠵᠢ ᠶᠢ ᠡᠷᠭᠢᠴᠡᠭᠦᠯᠦᠨ ᠳ᠋ᠦᠩᠨᠡᠵᠦ᠂ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠵᠤ᠂ ᠮᠠᠨ ᠤ | ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠤᠯᠠᠮ ᠳᠠᠶᠢᠴᠢᠯᠠᠨ | ᠵᠣᠷᠢᠭᠵᠢᠭᠤᠯᠵᠤ ᠪᠠᠶᠢᠨ᠎ᠠ᠃ | ᠡᠩ ᠲᠡᠷᠢᠭᠦᠨ ᠳᠤ᠂ ᠪᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠨᠠᠮ ᠤᠨ ᠠᠵᠢᠯᠴᠢᠨ ᠤ ᠬᠥᠳᠡᠯᠭᠡᠭᠡᠨ ᠤ | ᠦᠢᠯᠡᠰ ᠲᠤ ᠭᠠᠷᠮᠠᠭᠠᠢ ᠲᠡᠦᠬᠡᠲᠦ ᠬᠤᠪᠢ ᠨᠡᠮᠡᠷᠢ ᠦᠵᠡᠭᠦᠯᠦᠭᠰᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠪᠣᠯᠣᠨ | ᠠᠬᠠᠮᠠᠳ ᠨᠢᠭᠡ ᠦᠶ᠎ᠡ ᠶᠢᠨ ᠠᠵᠢᠯᠴᠢᠨ ᠤ ᠡᠪᠯᠡᠯ ᠤᠨ ᠤᠳᠤᠷᠢᠳᠬᠤ ᠬᠥᠮᠥᠰ ᠲᠤ ᠡᠷᠬᠢᠮ ᠳᠡᠭᠡᠳᠦ ᠬᠦᠨᠳᠦᠳᠬᠡᠯ | ᠳᠡᠪᠰᠢᠭᠦᠯᠵᠦ ᠪᠠᠶᠢᠨ᠎ᠠ︕ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ | ᠪᠣᠯᠣᠨ ᠪᠤᠰᠤᠳ ᠬᠥᠳᠡᠯᠮᠦᠷᠢᠴᠢᠨ ᠲᠦᠮᠡᠨ ᠳᠤ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ | ᠪᠣᠯᠣᠨ ᠠᠵᠢᠯᠴᠢᠨ ᠤ ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠲᠠᠶᠢᠸᠠᠨ | ᠣᠷᠣᠨ ᠤ ᠠᠵᠢᠯᠴᠢᠨ ᠤ ᠡᠪᠯᠡᠯ ᠪᠣᠯᠣᠨ ᠬᠥᠳᠡᠯᠮᠦᠷᠢᠴᠢᠳ ᠤᠨ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ | ᠵᠥᠩᠨᠡᠯ ᠳᠡᠪᠰᠢᠭᠦᠯᠵᠦ ᠪᠠᠶᠢᠨ᠎ᠠ︕ ᠬᠥᠬᠢᠭᠦᠯᠦᠨ ᠰᠠᠶᠢᠰᠢᠶᠠᠭᠳᠠᠭᠰᠠᠨ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ | ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠶ᠎ᠡ︕ | ᠡᠭᠦᠨ ᠤ ᠬᠠᠮᠲᠤ᠂ ᠪᠢ ᠳᠤᠮᠳᠠᠳᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ | ᠲᠦᠮᠡᠨ ᠢ ᠲᠥᠯᠥᠭᠡᠯᠡᠵᠦ᠂ ᠪᠦᠭᠦ ᠳᠡᠯᠡᠬᠡᠢ ᠶᠢᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠳᠤ | ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕ | ᠨᠥᠬᠦᠳ ᠠ᠋᠂ ᠨᠠᠶᠢᠵᠠ ᠨᠠᠷ ᠠ᠋︕ | 1925 ᠣᠨ ᠤ 5 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠲᠣᠭᠲᠠᠭᠠᠯ ᠢ ᠦᠨᠳᠦᠰᠦᠯᠡᠨ᠂ ᠬᠤᠶᠠᠳᠤᠭᠠᠷ ᠤᠳᠠᠭᠠᠨ ᠤ ᠪᠦᠭᠦ ᠤᠯᠤᠰ ᠤᠨ ᠬᠥᠳᠡᠯᠮᠦᠷᠢᠴᠢᠳ ᠤᠨ ᠶᠡᠭᠡ ᠬᠤᠷᠠᠯ | ᠭᠤᠸᠠᠩᠵᠧᠦ ᠳᠤ ᠡᠬᠢᠯᠡᠵᠦ᠂ ᠡᠨᠡ ᠤᠳᠠᠭᠠᠨ ᠤ ᠶᠡᠭᠡ ᠬᠤᠷᠠᠯ ᠠᠴᠠ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠵᠢᠩᠬᠢᠨᠢ ᠪᠠᠷ ᠪᠠᠶᠢᠭᠤᠯᠤᠭᠳᠠᠭᠰᠠᠨ ᠢ ᠲᠤᠩᠬᠠᠭᠯᠠᠭᠰᠠᠨ ᠪᠢᠯᠡ᠃ 100 ᠵᠢᠯ ᠤᠨ ᠲᠤᠷᠰᠢ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠡᠯ᠎ᠡ ᠲᠡᠦᠬᠡᠨ | ᠴᠠᠭ ᠦᠶ᠎ᠡ ᠶᠢᠨ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ᠂ ᠮᠠᠨ ᠤ ᠤᠯᠤᠰ ᠤᠨ ᠠᠵᠢᠯᠴᠢᠨ ᠠᠩᠭᠢ ᠶᠢ | ᠪᠦᠯᠬᠦᠮᠳᠡᠭᠦᠯᠦᠨ ᠳᠠᠶᠢᠴᠢᠯᠠᠵᠤ ᠨᠠᠮ ᠤᠨ ᠠᠯᠬᠤᠭ᠎ᠠ ᠶᠢ ᠰᠠᠯᠤᠯ ᠦᠭᠡᠢ ᠳᠠᠭᠠᠵᠤ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ | ᠶᠠᠪᠤᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠢ ᠠᠬᠢᠭᠤᠯᠬᠤ ᠳᠤᠮᠳᠠ | ᠪᠠᠯᠠᠷᠠᠰᠢ ᠦᠭᠡᠢ ᠭᠠᠪᠢᠶ᠎ᠠ ᠪᠠᠶᠢᠭᠤᠯᠵᠤ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠢᠷᠠᠭᠤ ᠭᠠᠶᠢᠬᠠᠮᠰᠢᠭᠲᠤ | ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠳᠤ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ | ᠤᠯᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠶᠠᠭᠤᠨ ᠠᠴᠠ ᠴᠤ ᠠᠶᠤᠬᠤ ᠦᠭᠡᠢ ᠬᠤᠪᠢᠰᠬᠠᠯᠲᠤ ᠵᠣᠷᠢᠭ | ᠰᠠᠨᠠᠭ᠎ᠠ ᠪᠠᠷ ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠬᠦ | ᠬᠤᠪᠢᠰᠬᠠᠯ ᠤᠨ ᠤᠷᠤᠰᠬᠠᠯ ᠳᠤ ᠡᠷᠡᠯᠬᠡᠭ ᠪᠠᠭᠠᠲᠤᠷᠯᠢᠭ ᠢᠶᠠᠷ ᠣᠷᠣᠯᠴᠠᠵᠤ᠂ ᠡᠮᠦᠨᠡᠬᠢ ᠨᠢ ᠤᠨᠠᠪᠠᠯ ᠬᠤᠶᠢᠨᠠᠬᠢ ᠨᠢ | ᠵᠠᠯᠭᠠᠮᠵᠢᠯᠠᠵᠤ᠂ ᠴᠢᠰᠤ ᠤᠷᠤᠰᠬᠠᠨ ᠪᠠᠶᠢᠯᠳᠤᠵᠤ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ | ᠴᠢᠯᠦᠭᠡᠯᠡᠯᠲᠡ ᠶᠢ ᠪᠡᠶᠡᠯᠡᠭᠦᠯᠬᠦ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠨᠡᠶᠢᠭᠡᠮ ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠳᠤᠮᠳᠠᠳᠤ ᠤᠯᠤᠰ ᠤᠨ | ᠠᠵᠢᠯᠴᠢᠨ ᠤ ᠡᠪᠯᠡᠯ ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠡᠵᠡᠨ ᠬᠥᠮᠥᠨ ᠤ | ᠵᠣᠷᠢᠭ ᠰᠠᠨᠠᠭ᠎ᠠ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠲᠡᠰᠪᠦᠷᠢ | ᠬᠠᠲᠠᠭᠤᠵᠢᠯᠲᠠᠢ ᠪᠠᠷ ᠦᠢᠯᠡᠰ ᠪᠣᠰᠬᠠᠵᠤ᠂ ︽ᠮᠠᠨ ᠤ ᠠᠵᠢᠯᠴᠢᠨ ᠬᠦᠴᠦᠨ ᠲᠠᠢ︾ ᠭᠡᠬᠦ ᠴᠠᠭ ᠦᠶ᠎ᠡ ᠶᠢᠨ ᠬᠦᠴᠦᠷᠬᠡᠭ | ᠲᠠᠭᠤᠨ ᠢ ᠬᠠᠩᠭᠢᠨᠠᠭᠤᠯᠵᠤ᠂ ᠰᠢᠨ᠎ᠡ ᠪᠠᠷ ᠮᠡᠨᠳᠦᠯᠡᠭᠰᠡᠨ ᠠᠷᠠᠳ ᠤᠨ ᠵᠠᠰᠠᠭ ᠢ ᠪᠠᠬᠢᠵᠢᠭᠦᠯᠬᠦ᠂ ᠨᠡᠶᠢᠭᠡᠮ ᠵᠢᠷᠤᠮ ᠤᠨ | ᠦᠨᠳᠦᠰᠦᠨ ᠪᠠᠶᠢᠭᠤᠯᠤᠯ ᠢ ᠪᠠᠶᠢᠭᠤᠯᠬᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ | ᠬᠤᠪᠢ ᠨᠡᠮᠡᠷᠢ ᠦᠵᠡᠭᠦᠯᠪᠡ᠃ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠴᠠᠭ ᠦᠶ᠎ᠡ ᠳᠤ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠢ | ᠪᠦᠯᠬᠦᠮᠳᠡᠭᠦᠯᠦᠨ ᠳᠠᠶᠢᠴᠢᠯᠠᠵᠤ ᠭᠤᠣᠯ ᠬᠦᠴᠦᠨ ᠴᠡᠷᠢᠭ ᠤᠨ ᠡᠭᠦᠷᠭᠡ ᠬᠠᠷᠢᠭᠤᠴᠠᠯᠭ᠎ᠠ ᠪᠠᠷ ᠥᠭᠡᠷᠡᠴᠢᠯᠡᠯᠲᠡ | ᠨᠡᠭᠡᠭᠡᠯᠲᠡ ᠳᠤ ᠢᠳᠡᠪᠬᠢᠲᠡᠢ ᠣᠷᠣᠯᠴᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠳᠤᠷᠠᠲᠠᠶ᠎ᠠ ᠬᠤᠪᠢ ᠨᠡᠮᠡᠷᠢ | ᠦᠵᠡᠭᠦᠯᠦᠨ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠬᠦ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯᠴᠢᠨ ᠠᠩᠭᠢ ᠪᠣᠯᠣᠨ | ᠠᠵᠢᠯᠴᠢᠨ ᠤ ᠡᠪᠯᠡᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ ᠴᠢᠬᠤᠯᠠ | ᠠᠵᠢᠯ ᠢ ᠪᠠᠶᠢᠷᠢᠯᠠᠭᠤᠯᠤᠨ ᠠᠬᠢᠭᠤᠯᠵᠤ᠂ ᠠᠯᠢ ᠤᠯᠠᠨ ᠴᠢᠭᠯᠡᠭᠦᠯᠦᠯᠲᠦ ᠴᠢᠨᠠᠷᠲᠠᠢ᠂ ᠦᠨᠳᠦᠰᠦᠨ ᠴᠢᠨᠠᠷᠲᠠᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠠᠮ ᠤᠨ ᠠᠵᠢᠯᠴᠢᠨ ᠤ ᠬᠥᠳᠡᠯᠭᠡᠭᠡᠨ ᠤ ᠤᠨᠤᠯ ᠢ | ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠲᠡᠦᠬᠡᠲᠦ ᠴᠢᠨᠠᠷᠲᠠᠢ | ᠠᠮᠵᠢᠯᠲᠠ ᠣᠯᠬᠤ᠂ ᠪᠦᠭᠦ ᠲᠠᠯ᠎ᠠ ᠶᠢᠨ ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠪᠠ᠃ ᠳᠤᠮᠳᠠᠳᠤ ᠤᠯᠤᠰ ᠤᠨ | ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠲᠡᠮᠡᠴᠡᠭᠴᠢ ᠶᠢᠨ | ᠣᠪᠣᠷ ᠪᠠᠶᠢᠳᠠᠯ ᠢᠶᠠᠷ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠬᠦᠨᠳᠦ ᠡᠭᠦᠷᠭᠡ ᠶᠢ ᠵᠣᠷᠢᠭᠲᠠᠢ | ᠡᠭᠦᠷᠭᠡᠯᠡᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ | ᠦᠢᠯᠡᠳᠦᠯᠭᠡ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ | ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ ᠠᠴᠠ ᠨᠠᠭᠠᠰᠢᠬᠢ 100 ᠵᠢᠯ | ᠪᠣᠯ ᠮᠠᠷᠺᠰ ᠤᠨ ᠦᠵᠡᠯ ᠤᠨ ᠠᠵᠢᠯᠴᠢᠨ ᠤ ᠬᠥᠳᠡᠯᠭᠡᠭᠡᠨ ᠤ ᠤᠨᠤᠯ ᠢ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠤ | ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ 100 ᠵᠢᠯ ᠮᠥᠨ᠂ ᠮᠠᠨ ᠤ ᠤᠯᠤᠰ ᠤᠨ ᠠᠵᠢᠯᠴᠢᠨ ᠠᠩᠭᠢ ᠪᠠ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠭᠤᠶᠢᠪᠢᠰᠢ ᠦᠭᠡᠢ ᠨᠠᠮ ᠢᠶᠠᠨ ᠲᠠᠭᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠭᠰᠡᠨ 100 ᠵᠢᠯ | ᠮᠥᠨ᠃ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ ᠮᠥᠨ᠂ ᠨᠡᠷ᠎ᠡ ᠨᠢᠳᠡᠷ ᠲᠡᠭᠡᠨ | ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ ᠤᠳᠤᠷᠢᠳᠬᠤ ᠠᠩᠭᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ | ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ ᠲᠥᠯᠥᠭᠡᠯᠡᠭᠴᠢ ᠮᠥᠨ᠂ ᠨᠡᠷ᠎ᠡ | ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ | ᠭᠤᠣᠯ ᠬᠦᠴᠦᠨ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠡᠢ᠃ ᠮᠠᠨ ᠤ ᠤᠯᠤᠰ ᠤᠨ ᠠᠵᠢᠯᠴᠢᠨ ᠤ ᠡᠪᠯᠡᠯ ᠪᠣᠯ | ᠨᠡᠷ᠎ᠡ ᠨᠢᠳᠡᠷ ᠲᠡᠭᠡᠨ ᠲᠡᠩᠴᠡᠭᠰᠡᠨ ᠨᠠᠮ ᠠᠴᠠ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ | ᠬᠤᠯᠪᠣᠭᠠᠰᠤ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠨᠡᠶᠢᠭᠡᠮ ᠵᠢᠷᠤᠮᠲᠤ ᠲᠦᠷᠦ ᠶᠢᠨ ᠡᠷᠬᠡ ᠶᠢᠨ ᠨᠡᠶᠢᠭᠡᠮ ᠤᠨ | ᠴᠢᠬᠤᠯᠠ ᠲᠤᠯᠭᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠠᠵᠢᠯᠲᠠᠨ ᠠᠵᠢᠯᠴᠢᠨ ᠤ ᠠᠰᠢᠭ ᠲᠤᠰᠠ ᠶᠢᠨ | ᠲᠥᠯᠥᠭᠡᠯᠡᠭᠴᠢ ᠪᠠ ᠬᠠᠮᠠᠭᠠᠯᠠᠭᠴᠢ ᠮᠥᠨ᠃ ᠴᠠᠭ ᠦᠶ᠎ᠡ ᠶᠢᠨ ᠨᠥᠬᠦᠴᠡᠯ ᠪᠠ ᠨᠡᠶᠢᠭᠡᠮ ᠤᠨ ᠪᠦᠯᠭᠦᠮ ᠴᠣᠭᠴᠠ ᠬᠡᠷᠬᠢᠨ | ᠬᠥᠭᠵᠢᠨ ᠬᠤᠪᠢᠷᠠᠭᠰᠠᠨ ᠴᠤ ᠮᠠᠨ ᠤ ᠤᠯᠤᠰ ᠤᠨ ᠠᠵᠢᠯᠴᠢᠨ ᠠᠩᠭᠢ ᠶᠢᠨ ᠪᠠᠶᠢᠷᠢ ᠰᠠᠭᠤᠷᠢ ᠪᠠ ᠦᠢᠯᠡᠳᠦᠯ ᠢ | ᠭᠤᠶᠢᠪᠢᠯᠵᠠᠭᠤᠯᠵᠤ ᠪᠤᠯᠬᠤ ᠦᠭᠡᠢ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ | ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ ᠪᠤᠯᠬᠤ ᠦᠭᠡᠢ᠂ ᠮᠠᠨ ᠤ ᠤᠯᠤᠰ ᠤᠨ ᠠᠵᠢᠯᠴᠢᠨ ᠤ ᠡᠪᠯᠡᠯ ᠤᠨ ᠰᠢᠨᠵᠢ | ᠴᠢᠨᠠᠷ ᠪᠠ ᠡᠭᠦᠷᠭᠡ ᠴᠢᠳᠠᠪᠬᠢ ᠶᠢ ᠭᠤᠶᠢᠪᠢᠯᠵᠠᠭᠤᠯᠵᠤ ᠪᠤᠯᠬᠤ ᠦᠭᠡᠢ ᠶᠤᠮ᠃ | 100 ᠵᠢᠯ ᠤᠨ ᠲᠤᠷᠰᠢ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠤᠨᠤᠯ ᠤᠨ ᠰᠢᠨ᠎ᠡ ᠡᠭᠦᠳᠦᠯᠲᠡ ᠪᠠ | ᠦᠢᠯᠡᠳᠦᠯᠭᠡ ᠶᠢᠨ ᠬᠥᠭᠵᠢᠯᠲᠡ ᠶᠢᠨ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠵᠠᠮ ᠢ ᠪᠦᠷᠢᠯᠳᠦᠭᠦᠯᠦᠭᠰᠡᠨ ᠶᠠᠪᠤᠳᠠᠯ ᠪᠣᠯᠣᠨ᠎ᠠ᠃ | ᠡᠨᠡ ᠬᠦ ᠵᠠᠮ ᠨᠢ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠳᠠᠬᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠵᠢᠯᠴᠢᠨ ᠤ ᠬᠥᠳᠡᠯᠭᠡᠭᠡᠨ ᠤ ᠢᠮᠠᠭᠲᠠ ᠵᠥᠪ ᠴᠢᠭᠯᠡᠯ ᠢᠶᠠᠷ | ᠤᠷᠤᠭᠰᠢᠯᠠᠬᠤ ᠶᠢ ᠦᠨᠡᠨ ᠬᠦ ᠪᠠᠲᠤᠯᠠᠪᠠ︔ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ | ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠠᠵᠢᠯᠴᠢᠨ ᠠᠩᠭᠢ ᠶᠢᠨ ᠭᠤᠣᠯ ᠬᠦᠴᠦᠨ ᠤ ᠦᠢᠯᠡᠳᠦᠯ ᠢ ᠭᠦᠢᠴᠡᠳ | ᠪᠠᠳᠠᠷᠠᠭᠤᠯᠪᠠ︔ ᠨᠠᠮ ᠤᠨ ᠭᠤᠣᠯ ᠡᠭᠦᠷᠭᠡ ᠶᠢ ᠳᠠᠭᠠᠬᠤ ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠢᠯᠴᠢᠨ ᠤ | ᠬᠥᠳᠡᠯᠭᠡᠭᠡᠨ ᠪᠠ ᠠᠵᠢᠯᠴᠢᠨ ᠤ ᠡᠪᠯᠡᠯ ᠤᠨ ᠠᠵᠢᠯ ᠢ ᠤᠬᠠᠮᠰᠠᠷ ᠠᠴᠠ ᠪᠠᠨ ᠶᠡᠭᠡ ᠲᠠᠯ᠎ᠠ ᠶᠢᠨ ᠳᠣᠣᠷ᠎ᠠ ᠠᠵᠢᠯᠯᠠᠭᠤᠯᠪᠠ︔ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ | ᠲᠦᠮᠡᠨᠴᠢ ᠴᠢᠨᠠᠷ ᠢ ᠪᠠᠷᠢᠮᠲᠠᠯᠠᠵᠤ᠂ ᠨᠠᠮ ᠤᠨ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠪᠠ︔ ᠠᠵᠢᠯᠲᠠᠨ ᠠᠵᠢᠯᠴᠢᠨ ᠲᠦᠮᠡᠨ ᠳᠤ ᠦᠢᠯᠡᠴᠢᠯᠡᠬᠦ ᠪᠠᠷ ᠠᠮᠢ | ᠨᠠᠰᠤᠨ ᠤ ᠱᠤᠭᠤᠮ ᠪᠤᠯᠭᠠᠬᠤ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠬᠠᠮᠠᠭᠠᠯᠠᠵᠤ᠂ ᠠᠵᠢᠯᠲᠠᠨ ᠠᠵᠢᠯᠴᠢᠨ ᠤ ᠪᠦᠭᠦ ᠲᠠᠯ᠎ᠠ ᠶᠢᠨ ᠬᠥᠭᠵᠢᠯᠲᠡ ᠶᠢ ᠠᠭᠢᠭᠤᠯᠪᠠ︔ ᠬᠠᠤᠯᠢ ᠶᠣᠰᠣᠭᠠᠷ ᠳᠦᠷᠢᠮ | ᠶᠣᠰᠣᠭᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠ | ᠠᠵᠢᠯᠴᠢᠨ ᠤ ᠡᠪᠯᠡᠯ ᠤᠨ ᠠᠵᠢᠯ ᠤᠨ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠳᠤᠮᠳᠠ ᠠᠮᠢᠵᠢᠷᠠᠯ ᠤᠨ ᠬᠦᠴᠦᠨ ᠢᠶᠠᠨ | ᠲᠠᠰᠤᠷᠠᠯᠳᠠ ᠦᠭᠡᠢ ᠨᠡᠮᠡᠭᠳᠡᠭᠦᠯᠬᠦ ᠶᠢ ᠠᠬᠢᠭᠤᠯᠪᠠ᠃ ᠡᠳᠡᠭᠡᠷ ᠪᠣᠯ ᠴᠥᠮ 100 ᠵᠢᠯ ᠤᠨ ᠲᠤᠷᠰᠢᠬᠢ ᠨᠠᠮ ᠠᠴᠠ | ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠢ ᠤᠳᠤᠷᠢᠳᠤᠭᠰᠠᠨ ᠡᠷᠬᠢᠮ ᠨᠠᠨᠳᠢᠨ | ᠲᠤᠷᠰᠢᠯᠭ᠎ᠠ ᠶᠢᠨ ᠭᠦᠨᠵᠡᠭᠡᠢ ᠳ᠋ᠦᠩᠨᠡᠯᠲᠡ ᠮᠥᠨ᠂ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠬᠡᠷᠡᠭᠲᠡᠢ᠃ | ᠨᠥᠬᠦᠳ ᠠ᠋᠂ ᠨᠠᠶᠢᠵᠠ ᠨᠠᠷ ᠠ᠋︕ | ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠭᠤᠣᠯ ᠡᠭᠦᠷᠭᠡ ᠶᠢ ᠲᠣᠳᠣᠷᠬᠠᠶᠢᠯᠠᠪᠠ᠃ ᠡᠨᠡ ᠬᠦ ᠭᠤᠣᠯ ᠡᠭᠦᠷᠭᠡ ᠪᠣᠯ ᠮᠠᠨ ᠤ ᠤᠯᠤᠰ ᠤᠨ ᠠᠵᠢᠯᠴᠢᠨ ᠤ | ᠬᠥᠳᠡᠯᠭᠡᠭᠡᠨ ᠤ ᠴᠠᠭ ᠦᠶ᠎ᠡ ᠶᠢᠨ ᠭᠤᠣᠯ ᠰᠡᠳᠦᠪ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠡᠷᠬᠡᠪᠰᠢ ᠨᠠᠮ ᠤᠨ | ᠭᠤᠣᠯ ᠡᠭᠦᠷᠭᠡ ᠶᠢᠨ ᠲᠣᠭᠤᠷᠢᠨ ᠳᠤ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠦᠷ | ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ ᠠᠵᠢᠯᠲᠠᠨ | ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠤ ᠭᠠᠪᠢᠶ᠎ᠠ ᠪᠠᠶᠢᠭᠤᠯᠵᠤ ᠦᠢᠯᠡᠰ ᠪᠣᠰᠬᠠᠬᠤ᠂ ᠰᠢᠨ᠎ᠡ ᠶᠢ ᠡᠭᠦᠳᠴᠦ | ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠨᠢ ᠴᠢᠨᠠᠷ ᠰᠠᠶᠢᠲᠠᠢ | ᠭᠦᠳᠡᠯᠮᠦᠷᠢ ᠶᠢᠨ ᠡᠭᠦᠳᠦᠯᠲᠡ ᠠᠴᠠ ᠰᠠᠯᠵᠤ ᠴᠢᠳᠠᠬᠤ ᠦᠭᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠲᠠᠢ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ | ᠭᠠᠪᠢᠶ᠎ᠠ ᠪᠠᠶᠢᠭᠤᠯᠵᠤ ᠦᠢᠯᠡᠰ ᠪᠣᠰᠬᠠᠬᠤ ᠪᠠ ᠤᠯᠠᠨ ᠲᠦᠮᠡᠨᠴᠢ ᠴᠢᠨᠠᠷᠲᠠᠢ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠡᠯ᠎ᠡ | ᠵᠦᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠤᠯᠠᠨ ᠬᠥᠳᠡᠯᠮᠦᠷᠢᠴᠢᠳ ᠤᠨ ᠲᠤᠬᠠᠶᠢᠯᠠᠭᠰᠠᠨ | ᠠᠵᠢᠯ ᠤᠨ ᠪᠠᠶᠢᠷᠢ ᠳᠠᠭᠠᠨ ᠬᠥᠯ ᠲᠣᠭᠲᠠᠬᠤ ᠶᠢ ᠵᠣᠬᠢᠶᠠᠨ ᠪᠠᠶᠢᠭᠤᠯᠵᠤ ᠬᠥᠲᠥᠯᠥᠨ ᠵᠢᠯᠤᠭᠤᠳᠴᠤ᠂ ᠤᠯᠠᠮᠵᠢᠯᠠᠯᠲᠤ ᠠᠵᠤ | ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤᠮᠳᠠ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠳᠤᠮᠳᠠ ᠵᠠᠮ ᠨᠡᠭᠡᠭᠡᠨ ᠤᠷᠤᠭᠰᠢᠯᠠᠵᠤ᠂ | ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠳᠤᠮᠳᠠ ᠵᠣᠷᠢᠭᠲᠠᠢ ᠬᠠᠶᠢᠨ ᠰᠦᠪᠡᠭᠴᠢᠯᠡᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠰᠤᠷᠠᠯᠳᠠ ᠦᠭᠡᠢ | ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ | ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ | ᠬᠤᠪᠢᠰᠤᠯᠲᠠ ᠳᠤ ᠵᠣᠬᠢᠴᠠᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ | ᠡᠨᠡ ᠪᠣᠯ ᠳᠤᠮᠳᠠᠳᠤ ᠤᠯᠤᠰ ᠤᠨ ᠠᠵᠢᠯᠴᠢᠨ ᠠᠩᠭᠢ ︽ᠬᠠᠮᠤᠭ ᠤᠨ ᠳᠠᠪᠰᠢᠩᠭᠤᠢ ᠠᠩᠭᠢ︾ ᠶᠢᠨ ᠬᠤᠪᠢ ᠪᠠᠷ ᠢᠮᠠᠭᠲᠠ | ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠤᠨ᠂ ᠠᠵᠢᠯᠲᠠᠨ ᠠᠵᠢᠯᠴᠢᠨ ᠤ ᠬᠡᠪ ᠴᠢᠨᠠᠷ ᠤᠨ | ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠦᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠢ | ᠥᠷᠭᠡᠨ ᠢᠶᠠᠷ ᠥᠷᠨᠢᠭᠦᠯᠵᠦ᠂ ᠥᠷᠭᠡᠨ ᠤᠯᠠᠨ ᠬᠥᠳᠡᠯᠮᠦᠷᠢᠴᠢᠳ ᠤᠨ ᠨᠠᠰᠤᠨ ᠲᠤᠷᠰᠢᠲᠠ ᠰᠤᠷᠤᠯᠴᠠᠬᠤ᠂ ᠲᠤᠰ ᠪᠡᠶ᠎ᠡ ᠶᠢᠨ | ᠬᠡᠪ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠴᠤ᠂ ᠮᠡᠳᠡᠯᠭᠡ ᠶᠢᠨ ᠭᠡᠯᠪᠡᠷᠢ ᠶᠢᠨ᠂ | ᠤᠷ᠎ᠠ ᠴᠢᠳᠠᠪᠤᠷᠢ ᠶᠢᠨ ᠭᠡᠯᠪᠡᠷᠢ ᠶᠢᠨ᠂ ᠰᠢᠨ᠎ᠡ ᠶᠢ ᠡᠭᠦᠳᠬᠦ ᠭᠡᠯᠪᠡᠷᠢ ᠶᠢᠨ ᠨᠢᠭᠡᠨ ᠰᠠᠯᠠᠭ᠎ᠠ ᠬᠥᠳᠡᠯᠮᠦᠷᠢᠴᠢᠳ ᠤᠨ | ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠭᠦᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠬᠤ ᠬᠡᠷᠡᠭᠲᠡᠢ᠃ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠤ ᠤᠷᠲᠤ | ᠬᠤᠭᠤᠴᠠᠭᠠᠨ ᠤ ᠲᠡᠮᠡᠴᠡᠯ ᠤᠨ ᠳᠤᠮᠳᠠ ᠴᠣᠭᠴᠠᠯᠠᠭᠰᠠᠨ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ | ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠪᠣᠯ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢᠨ ᠠᠮᠢᠳᠤᠯᠢᠭ ᠢᠯᠡᠷᠡᠯ ᠮᠥᠨ᠃ ᠭᠦᠳᠡᠯᠮᠦᠷᠢ ᠬᠠᠮᠤᠭ ᠤᠨ ᠢᠷᠠᠭᠤ ᠠᠯᠳᠠᠷᠲᠠᠢ᠂ ᠭᠦᠳᠡᠯᠮᠦᠷᠢ | ᠬᠠᠮᠤᠭ ᠤᠨ ᠡᠷᠬᠢᠮ ᠳᠡᠭᠡᠳᠦ᠂ ᠭᠦᠳᠡᠯᠮᠦᠷᠢ ᠬᠠᠮᠤᠭ ᠤᠨ ᠠᠭᠤᠤ ᠶᠡᠭᠡ᠂ ᠭᠦᠳᠡᠯᠮᠦᠷᠢ ᠬᠠᠮᠤᠭ ᠤᠨ ᠭᠤᠶᠤ ᠰᠠᠶᠢᠬᠠᠨ | ᠪᠠᠶᠢᠬᠤ ᠨᠡᠶᠢᠭᠡᠮ ᠤᠨ ᠬᠡᠪ ᠰᠤᠷᠲᠠᠯ ᠢ ᠶᠡᠭᠡ ᠪᠠᠷ ᠪᠠᠳᠠᠷᠠᠭᠤᠯᠵᠤ᠂ ᠭᠦᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ | ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠵᠤ᠂ ᠪᠦᠭᠦ ᠠᠷᠠᠳ ᠲᠦᠮᠡᠨ ᠤ ᠰᠢᠷᠭᠠᠭᠤ ᠭᠦᠳᠡᠯᠮᠦᠷᠢ᠂ ᠦᠨᠡᠨᠴᠢ ᠭᠦᠳᠡᠯᠮᠦᠷᠢ᠂ ᠪᠦᠲᠦᠭᠡᠯᠴᠢ | ᠭᠦᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠨ ᠪᠡᠶᠡᠯᠡᠭᠦᠯᠬᠦ ᠶᠢ ᠵᠣᠷᠢᠭᠵᠢᠭᠤᠯᠬᠤ | ᠬᠡᠷᠡᠭᠲᠡᠢ᠃ | ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠠᠩᠬᠠᠷᠴᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ | ᠲᠦᠮᠡᠨ ᠤ ᠠᠵᠠ ᠵᠢᠷᠭᠠᠯ ᠢ ᠯᠠᠪᠳᠠᠭᠤᠨ ᠨᠡᠮᠡᠭᠳᠡᠭᠦᠯᠬᠦ ᠬᠡᠷᠡᠭᠲᠡᠢ᠃ ᠬᠠᠮᠲᠤ ᠪᠠᠷ ᠪᠠᠶᠠᠵᠢᠬᠤ ᠶᠢ ᠥᠷᠭᠡᠨ ᠤᠯᠠᠨ | ᠬᠥᠳᠡᠯᠮᠦᠷᠢᠴᠢᠳ ᠲᠤ ᠲᠦᠰᠢᠭᠯᠡᠨ ᠪᠡᠶᠡᠯᠡᠭᠦᠯᠬᠦ ᠮᠥᠷᠲᠡᠭᠡᠨ ᠪᠠᠰᠠ ᠥᠷᠭᠡᠨ ᠤᠯᠠᠨ ᠬᠥᠳᠡᠯᠮᠦᠷᠢᠴᠢᠳ ᠤᠨ ᠪᠡᠶ᠎ᠡ ᠳᠡᠭᠡᠷ᠎ᠡ | ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠨᠡᠩ ᠰᠠᠶᠢᠨ ᠠᠵᠢᠯ ᠣᠯᠭᠤᠯᠲᠠ ᠶᠢᠨ ᠪᠠ ᠭᠦᠳᠡᠯᠮᠦᠷᠢ ᠶᠢᠨ ᠨᠥᠬᠦᠴᠡᠯ ᠢ ᠡᠭᠦᠳᠴᠦ᠂ ᠴᠢᠨᠠᠷ ᠰᠠᠶᠢᠲᠠᠢ ᠠᠵᠢᠯ | ᠣᠯᠭᠤᠯᠲᠠ ᠶᠢ ᠠᠬᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠳᠤᠮᠳᠠᠬᠢ ᠭᠦᠳᠡᠯᠮᠦᠷᠢ᠂ ᠤᠷ᠎ᠠ ᠴᠢᠳᠠᠪᠤᠷᠢ᠂ ᠮᠡᠳᠡᠯᠭᠡ᠂ | ᠰᠢᠨ᠎ᠡ ᠶᠢ ᠡᠭᠦᠳᠬᠦ ᠵᠡᠷᠭᠡ ᠡᠯᠧᠮᠧᠨ᠋ᠲ ᠤᠨ ᠬᠤᠪᠢ ᠶᠢᠨ ᠵᠢᠩ ᠢ ᠡᠮᠬᠢ ᠵᠢᠷᠤᠮ ᠲᠠᠢ ᠳᠡᠭᠡᠭᠰᠢᠯᠡᠭᠦᠯᠵᠦ᠂ ᠥᠷᠭᠡᠨ ᠤᠯᠠᠨ | ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ | ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠪᠣᠯ ᠠᠷᠠᠳ ᠲᠦᠮᠡᠨ ᠤ ᠦᠯᠢᠭᠡᠷ ᠳᠠᠭᠤᠷᠢᠶᠠᠯ᠂ ᠤᠯᠤᠰ | ᠣᠷᠣᠨ ᠤ ᠲᠤᠯᠭᠠᠭᠤᠷᠢ ᠮᠥᠨ᠃ ᠤᠷᠳᠤ ᠬᠤᠭᠤᠴᠠᠭᠠᠨ ᠤ ᠲᠤᠷᠰᠢ᠂ ᠦᠶ᠎ᠡ ᠦᠶ᠎ᠡ ᠶᠢᠨ ᠭᠦᠳᠡᠯᠮᠦᠷᠢ ᠶᠢᠨ ᠵᠢᠱᠢᠶᠡᠴᠢ ᠪᠠ | ᠲᠡᠷᠢᠭᠦᠨ ᠤ ᠠᠵᠢᠯᠲᠠᠳ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ᠂ ᠴᠠᠭ ᠦᠶ᠎ᠡ ᠶᠢᠨ ᠲᠠᠪᠰᠢᠯᠳᠠ ᠶᠢ ᠠᠬᠢᠭᠤᠯᠬᠤ | ᠳᠤᠮᠳᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠭᠰᠠᠨ ᠶᠤᠮ᠃ ᠲᠡᠳᠡᠨ ᠤ | ᠦᠯᠢᠭᠡᠷ ᠢ ᠤᠯᠠᠮ ᠰᠠᠶᠢᠲᠤᠷ ᠶᠠᠷᠢᠵᠤ᠂ ᠪᠦᠭᠦ ᠨᠡᠶᠢᠭᠡᠮ ᠢᠶᠠᠷ ᠢᠶᠠᠨ ᠲᠡᠳᠡᠨ ᠤ ᠦᠢᠯᠡ ᠶᠠᠪᠤᠳᠠᠯ ᠢ ᠰᠤᠷᠤᠯᠴᠠᠬᠤ᠂ | ᠲᠡᠳᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠬᠥᠬᠢᠭᠦᠯᠦᠨ ᠰᠠᠶᠢᠰᠢᠶᠠᠭᠳᠠᠭᠰᠠᠨ | ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢᠷᠠᠭᠤ ᠠᠯᠳᠠᠷ ᠢᠶᠠᠨ ᠨᠠᠨᠳᠢᠩᠨᠠᠨ᠂ ᠣᠣᠷ ᠴᠢᠨᠠᠷ ᠢᠶᠠᠨ | ᠪᠠᠲᠤᠯᠠᠵᠤ᠂ ᠦᠷᠭᠦᠯᠵᠢᠯᠡᠨ ᠴᠢᠷᠮᠠᠶᠢᠵᠤ᠂ ᠲᠠᠭᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ᠃ | ᠨᠥᠬᠦᠳ ᠠ᠋᠂ ᠨᠠᠶᠢᠵᠠ ᠨᠠᠷ ᠠ᠋︕ | ᠵᠠᠭᠤᠨ ᠵᠢᠯ ᠤᠨ ᠠᠵᠢᠯᠴᠢᠨ ᠤ ᠡᠪᠯᠡᠯ ᠶᠠᠭ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠨᠠᠮ ᠪᠠ | ᠤᠯᠤᠰ ᠠᠴᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠳᠤ ᠶᠡᠭᠡ ᠬᠦᠰᠡᠯ ᠨᠠᠶᠢᠳᠠᠯᠭ᠎ᠠ ᠲᠠᠯᠪᠢᠵᠤ᠂ ᠠᠵᠢᠯᠲᠠᠨ | ᠠᠵᠢᠯᠴᠢᠨ ᠤᠯᠠᠨ ᠲᠦᠮᠡᠨ ᠠᠴᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠳᠤ ᠬᠦᠰᠡᠯ ᠡᠷᠡᠮᠡᠯᠵᠡᠯ ᠳᠦᠭᠦᠷᠡᠩ | ᠪᠠᠶᠢᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠴᠢᠨ ᠤ ᠡᠪᠯᠡᠯ ᠤᠨ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠨᠡᠩ | ᠢᠷᠠᠭᠤ ᠭᠠᠶᠢᠬᠠᠮᠰᠢᠭᠲᠤ ᠴᠠᠭ ᠦᠶ᠎ᠡ ᠶᠢᠨ ᠬᠠᠭᠤᠳᠠᠰᠤ ᠶᠢ ᠪᠢᠴᠢᠭᠯᠡᠬᠦ ᠬᠡᠷᠡᠭᠲᠡᠢ᠃ | ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ | ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠠᠵᠢᠯᠴᠢᠨ ᠤ | ᠡᠪᠯᠡᠯ ᠤᠨ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ | ᠠᠵᠢᠯᠲᠠᠨ ᠠᠵᠢᠯᠴᠢᠨ ᠤᠯᠠᠨ ᠲᠦᠮᠡᠨ ᠢ ᠬᠥᠲᠥᠯᠥᠨ ᠳᠠᠭᠠᠭᠤᠯᠵᠤ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠵᠥᠷᠢᠴᠡᠯ ᠢ | ᠨᠠᠮᠳᠠᠭᠤᠯᠬᠤ᠂ ᠬᠥᠳᠡᠯᠭᠡᠬᠦ ᠬᠦᠴᠦᠨ ᠢ ᠬᠥᠭᠵᠢᠭᠡᠬᠦ ᠪᠠᠷ ᠬᠦᠴᠦᠯᠡᠵᠦ᠂ ᠨᠠᠮ ᠤᠨ ᠲᠦᠷᠦ ᠪᠠᠷᠢᠬᠤ ᠠᠩᠭᠢ ᠶᠢᠨ ᠰᠠᠭᠤᠷᠢ | ᠪᠣᠯᠣᠨ ᠤᠯᠠᠨ ᠲᠦᠮᠡᠨᠴᠢ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ᠃ | ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯᠲᠠᠨ ᠠᠵᠢᠯᠴᠢᠨ | ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠨ᠂ ᠠᠵᠢᠯᠲᠠᠨ ᠠᠵᠢᠯᠴᠢᠨ ᠤ ᠪᠦᠭᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠬᠡᠷᠡᠭᠲᠡᠢ᠃ ᠭᠦᠳᠡᠯᠮᠦᠷᠢ ᠶᠢᠨ ᠬᠠᠤᠯᠢ ᠴᠠᠭᠠᠵᠠ ᠳᠦᠷᠢᠮ ᠲᠣᠭᠲᠠᠭᠠᠯ ᠢ ᠲᠡᠭᠦᠯᠳᠡᠷᠵᠢᠭᠦᠯᠬᠦ ᠶᠢ ᠠᠬᠢᠭᠤᠯᠵᠤ᠂ | ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠭᠰᠠᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠡᠶ᠎ᠡ ᠵᠣᠬᠢᠴᠠᠩᠭᠤᠢ | ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠬᠤ ᠬᠡᠷᠡᠭᠲᠡᠢ᠃ ᠤᠷ᠎ᠠ ᠴᠢᠳᠠᠪᠤᠷᠢ ᠶᠢᠨ ᠪᠣᠯᠪᠠᠰᠤᠷᠠᠯ᠂ ᠣᠷᠣᠯᠭ᠎ᠠ ᠶᠢᠨ ᠬᠤᠪᠢᠶᠠᠷᠢᠯᠠᠯᠲᠠ᠂ ᠠᠶᠤᠯᠭᠦᠢ | ᠦᠢᠯᠡᠳᠪᠦᠷᠢᠯᠡᠯ᠂ ᠭᠦᠳᠡᠯᠮᠦᠷᠢ ᠶᠢᠨ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠠᠳᠬᠤᠵᠤ᠂ ᠠᠵᠢᠯᠲᠠᠨ | ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠠᠵᠢᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ | ᠥᠷᠭᠡᠨ ᠤᠯᠠᠨ ᠬᠥᠳᠡᠯᠮᠦᠷᠢᠴᠢᠳ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ | ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠲᠥᠯᠥᠨ ᠳᠠᠭᠠᠭᠤᠯᠬᠤ | ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ | ᠠᠵᠢᠯᠴᠢᠨ ᠤ ᠡᠪᠯᠡᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ | ᠠᠵᠢᠯᠴᠢᠨ ᠤ ᠡᠪᠯᠡᠯ ᠤᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ | ᠤᠯᠠᠨ ᠲᠦᠮᠡᠨᠴᠢ ᠴᠢᠨᠠᠷ ᠢ ᠴᠢᠩᠭᠠᠳᠬᠠᠬᠤ ᠥᠭᠡᠷᠡᠴᠢᠯᠡᠯᠲᠡ ᠶᠢᠨ ᠴᠢᠭᠯᠡᠯ ᠢ ᠪᠠᠲᠤ ᠡᠵᠡᠮᠳᠡᠵᠦ᠂ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ᠂ ᠦᠢᠯᠡᠴᠢᠯᠡᠭᠡᠨ ᠤ ᠬᠦᠷᠢᠶ᠎ᠡ ᠶᠢ ᠥᠷᠭᠡᠳᠬᠡᠨ᠂ | ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠢᠮᠠᠭᠲᠠ ᠠᠵᠢᠯᠲᠠᠨ ᠠᠵᠢᠯᠴᠢᠨ ᠲᠦᠮᠡᠨ ᠤ ᠢᠲᠡᠭᠡᠯᠲᠡᠢ ᠳᠣᠲᠣᠨᠣ | ᠬᠥᠮᠥᠨ᠂ ᠲᠥᠷᠬᠦᠮ ᠤᠨ ᠬᠥᠮᠥᠨ ᠪᠤᠯᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ | ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠡᠯ᠎ᠡ ᠤᠯᠤᠰ ᠤᠨ ᠠᠵᠢᠯᠴᠢᠳ ᠯᠤᠭ᠎ᠠ ᠶᠢᠨ ᠨᠥᠬᠦᠷᠯᠡᠯ ᠢᠶᠠᠨ | ᠵᠤᠵᠠᠭᠠᠳᠬᠠᠬᠤ ᠬᠡᠷᠡᠭᠲᠡᠢ᠃ | ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠡᠯ᠎ᠡ | ᠱᠠᠲᠤᠨ ᠤ ᠨᠠᠮ ᠤᠨ ᠬᠤᠷᠢᠶ᠎ᠠ ᠠᠵᠢᠯᠴᠢᠨ ᠤ ᠡᠪᠯᠡᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ | ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ | ᠰᠢᠢᠳᠪᠦᠷᠢᠯᠡᠵᠦ᠂ ᠠᠵᠢᠯᠴᠢᠨ ᠤ ᠡᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ | ᠨᠥᠬᠦᠴᠡᠯ ᠢ ᠪᠦᠷᠢᠯᠳᠦᠭᠦᠯᠬᠦ ᠬᠡᠷᠡᠭᠲᠡᠢ᠃ | ᠨᠥᠬᠦᠳ ᠠ᠋᠂ ᠨᠠᠶᠢᠵᠠ ᠨᠠᠷ ᠠ᠋︕ | 100 ᠵᠢᠯ ᠤᠨ ᠡᠮᠦᠨ᠎ᠡ ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ ᠬᠥᠳᠡᠯᠮᠦᠷᠢᠴᠢᠳ ᠤᠨ ᠶᠡᠭᠡ ᠬᠤᠷᠠᠯ | ᠠᠮᠵᠢᠯᠲᠠ ᠲᠠᠢ ᠲᠡᠭᠦᠰᠬᠦ ᠦᠶ᠎ᠡ ᠳᠤ ︽ᠲᠡᠮᠡᠴᠡᠶ᠎ᠡ᠂ ᠲᠡᠮᠡᠴᠡᠶ᠎ᠡ᠂ ᠡᠴᠦᠰ ᠲᠤᠨᠢ ᠲᠤᠯᠲᠠᠯ᠎ᠠ ᠲᠡᠮᠡᠴᠡᠶ᠎ᠡ︾ ᠭᠡᠬᠦ ᠤᠷᠢᠶ᠎ᠠ | ᠪᠦᠭᠦ ᠲᠠᠯᠠᠪᠠᠢ ᠳᠤ ᠴᠤᠤᠷᠢᠶᠠᠲᠤᠵᠤ᠂ ᠲᠦᠭ ᠲᠦᠮᠡᠨ ᠬᠥᠳᠡᠯᠮᠦᠷᠢᠴᠢᠨ ᠲᠦᠮᠡᠨ ᠤ ᠬᠦᠴᠢᠷ ᠪᠡᠷᠬᠡᠰᠢᠶᠡᠯ ᠲᠠᠢ | ᠬᠤᠪᠢᠰᠬᠠᠯ ᠤᠨ ᠣᠨ ᠰᠠᠷ᠎ᠠ ᠳᠤ ᠴᠥᠬᠦᠷᠡᠰᠢ ᠦᠭᠡᠢ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠵᠠᠢ᠃ | ᠥᠨᠥᠳᠥᠷ ᠨᠠᠮ ᠠᠴᠠ 14 ᠳ᠋ᠦᠩᠰᠢᠭᠤᠷ ᠭᠠᠷᠤᠢ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠠᠶᠠᠨ ᠳᠤ ᠤᠷᠮ᠎ᠠ ᠵᠣᠷᠢᠭ ᠪᠠᠳᠠᠷᠠᠩᠭᠤᠢ ᠡᠷᠡᠯᠬᠡᠭᠯᠡᠨ ᠤᠷᠤᠭᠰᠢᠯᠠᠵᠤ ᠪᠠᠶᠢᠨ᠎ᠠ᠃ ᠴᠠᠭ | ᠦᠶ᠎ᠡ ᠠᠳᠠᠯᠢ ᠦᠭᠡᠢ᠂ ᠡᠭᠦᠷᠭᠡ ᠬᠠᠷᠢᠭᠤᠴᠠᠯᠭ᠎ᠠ ᠬᠤᠪᠢᠷᠠᠯᠲᠠ ᠲᠠᠢ ᠪᠣᠯᠤᠭᠰᠠᠨ ᠪᠤᠯᠪᠠᠴᠤ ᠲᠡᠰᠪᠦᠷᠢ ᠬᠠᠲᠠᠭᠤᠵᠢᠯᠲᠠᠢ | ᠲᠡᠮᠡᠴᠡᠬᠦ᠂ ᠪᠦᠯᠬᠦᠮᠳᠡᠨ ᠲᠡᠮᠡᠴᠡᠬᠦ᠂ ᠴᠥᠬᠦᠷᠡᠰᠢ ᠦᠭᠡᠢ ᠲᠡᠮᠡᠴᠡᠬᠦ ᠵᠣᠷᠢᠭ ᠰᠠᠨᠠᠭ᠎ᠠ ᠬᠡᠵᠢᠶᠡᠳᠡ ᠬᠤᠪᠢᠷᠠᠰᠢ ᠦᠭᠡᠢ ᠶᠤᠮ᠃ | ᠪᠢᠳᠠ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠯᠠᠪᠳᠠᠭᠤᠨ ᠪᠠᠲᠤᠲᠠᠢ ᠠᠵᠢᠯᠯᠠᠨ᠂ | ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠡᠭᠦᠳᠦᠨ | ᠪᠦᠲᠦᠭᠡᠯᠲᠡ ᠪᠠᠷ ᠰᠢᠨ᠎ᠡ ᠴᠠᠭ ᠦᠶ᠎ᠡ ᠶᠢ ᠬᠦᠷᠢᠶᠡᠯᠡᠵᠦ᠂ ᠵᠢᠳᠬᠦᠯ ᠲᠡᠮᠡᠴᠡᠯ ᠢᠶᠠᠷ ᠭᠡᠷᠡᠯ ᠰᠠᠴᠤᠷᠠᠩᠭᠤᠢ ᠰᠢᠨ᠎ᠡ | ᠠᠮᠵᠢᠯᠲᠠ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ | ᠲᠥᠰᠥᠪ ᠢ ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ ᠪᠣᠳᠠᠲᠤ ᠠᠬᠤᠢ ᠪᠣᠯᠭᠠᠨ ᠬᠤᠪᠢᠷᠠᠭᠤᠯᠤᠶ᠎ᠠ︕ |