ᠤᠷᠢᠬᠠᠨ ᠬᠠᠪᠤᠷ ᠡᠬᠡ ᠭᠠᠵᠠᠷ ᠲᠤ ᠢᠷᠡᠵᠦ᠂ ᠲᠦᠮᠡᠨ ᠪᠣᠳᠠᠰ ᠠᠮᠢᠯᠠᠨ᠎ᠠ᠃ ᠠᠭᠠᠷ ᠤᠨ ᠳᠤᠯᠠᠭᠠᠨ | ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠨ | ᠭᠠᠵᠠᠷ ᠲᠤ ᠶᠠᠭᠠᠷᠠᠯᠲᠠᠢ ᠪᠠᠶᠢᠳᠠᠯ ᠢᠯᠡᠷᠡᠪᠡ᠃ ᠲᠠᠷᠢᠶᠠᠴᠢᠨ ᠡᠷᠦᠬᠡ ᠲᠠᠷᠢᠶᠠᠯᠠᠭ᠎ᠠ ᠶᠢᠨ ᠴᠠᠭ ᠢ ᠠᠮᠵᠢᠨ ᠠᠳᠬᠤᠵᠤ᠂ | ᠭᠠᠵᠠᠷ ᠰᠢᠷᠣᠢ ᠪᠠᠨ ᠤᠷᠪᠠᠭᠤᠯᠤᠨ ᠲᠡᠭᠰᠢᠯᠡᠵᠦ᠂ ᠦᠷ᠎ᠡ ᠶᠢᠨ ᠬᠢᠮᠢ ᠶᠢᠨ ᠪᠣᠷᠳᠣᠭᠤᠷ ᠰᠣᠩᠭᠤᠨ ᠬᠤᠳᠠᠯᠳᠤᠨ | ᠠᠪᠴᠤ᠂ ᠲᠠᠷᠢᠶᠠᠯᠠᠩ ᠤᠨ ᠮᠠᠰᠢᠨ ᠪᠠᠭᠠᠵᠢ ᠪᠠᠨ ᠰᠡᠯᠪᠢᠨ ᠵᠠᠰᠠᠵᠤ᠂ ᠨᠢᠭᠡᠨ ᠬᠥᠭᠵᠢᠮ ᠪᠠᠳᠠᠷᠠᠩᠭᠤᠢ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠨᠠᠶᠢᠷᠠᠯ ᠬᠥᠭᠵᠢᠮ︾ ᠢ ᠬᠥᠭᠵᠢᠮᠳᠡᠪᠡ᠃ | ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠭᠠᠵᠠᠷ ᠤᠷᠪᠠᠭ᠋ᠤᠯᠬᠤ᠃ ᠪᠠᠶᠠᠨᠨᠠᠭᠤᠷ ᠰᠤᠮᠤᠨ ᠳᠤ᠂ ᠭᠠᠵᠠᠷ | ᠬᠥᠷᠪᠡᠭᠦᠯᠬᠦ ᠮᠠᠰᠢᠨ᠂ ᠰᠢᠷᠣᠢ ᠲᠦᠯᠬᠢᠬᠦ ᠮᠠᠰᠢᠨ ᠵᠡᠷᠭᠡ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ | ᠲᠠᠷᠢᠶᠠᠨ ᠭᠠᠵᠠᠷ ᠲᠤ ᠨᠠᠰᠢ ᠴᠠᠰᠢ ᠰᠦᠯᠵᠢᠯᠳᠦᠵᠦ᠂ ᠲᠠᠷᠢᠶᠠᠴᠢᠨ ᠡᠷᠦᠬᠡ ᠠᠭᠤᠷ ᠠᠮᠢᠰᠬᠤᠯ ᠢ ᠠᠰᠢᠭᠯᠠᠨ ᠭᠠᠵᠠᠷ | ᠰᠢᠷᠣᠢ ᠪᠠᠨ ᠭᠦᠨ ᠰᠤᠯᠠᠷᠠᠭᠤᠯᠵᠤ ᠠᠵᠢᠯᠯᠠᠪᠠ᠃ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢᠨ ᠲᠥᠯᠥᠭᠡ᠂ | ᠪᠠᠶᠠᠨᠨᠠᠭᠤᠷ ᠰᠤᠮᠤ ᠡᠨᠡ ᠵᠢᠯ 1 ᠮᠢᠩᠭ᠎ᠠ ᠭᠠᠷᠤᠢ ᠮᠦ ᠲᠠᠷᠢᠶᠠᠨ ᠭᠠᠵᠠᠷ ᠲᠤ ᠤᠰᠤᠨ ᠲᠤᠲᠤᠷᠭ᠎ᠠ ᠲᠠᠷᠢᠬᠤ ᠪᠠᠷ | ᠲᠥᠯᠥᠪᠯᠡᠵᠦ᠂ ᠣᠳᠣᠬᠠᠨ ᠳᠤ ᠶᠠᠭ ᠴᠢᠬᠢ ᠪᠤᠶᠢᠵᠢᠭᠤᠯᠬᠤ ᠬᠦᠯᠡᠮᠵᠢ ᠪᠠᠶᠢᠭᠤᠯᠵᠤ᠂ 20 ᠬᠦᠯᠡᠮᠵᠢ ᠶᠢᠨ ᠪᠣᠯᠣᠳ | ᠵᠢᠶᠠᠰᠠ ᠶᠢᠨ ᠪᠦᠲᠦᠴᠡ ᠶᠢ ᠨᠢᠭᠡᠨᠲᠡ ᠪᠠᠶᠢᠭᠤᠯᠵᠤ ᠳᠠᠭᠤᠰᠴᠤ᠂ ᠲᠣᠰᠬᠤᠨ ᠤ ᠠᠷᠠᠳ ᠶᠠᠭ ᠬᠦᠯᠡᠮᠵᠢ ᠶᠢᠨ | ᠪᠦᠷᠬᠦᠴᠡ ᠪᠦᠷᠬᠦᠵᠦ᠂ ᠪᠦᠷᠬᠦᠵᠦ ᠳᠠᠭᠤᠰᠤᠭᠰᠠᠨ ᠤ ᠳᠠᠷᠠᠭ᠎ᠠ ᠴᠢᠬᠢ ᠪᠤᠶᠢᠵᠢᠭᠤᠯᠵᠤ ᠪᠠᠶᠢᠨ᠎ᠠ᠃ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠭᠦᠢᠴᠡᠳ ᠪᠠᠶᠢᠵᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠮᠬᠢ ᠵᠢᠷᠤᠮ ᠲᠠᠢ ᠠᠬᠢᠭᠤᠯᠪᠠ᠃ ᠪᠠᠶᠠᠨᠨᠠᠭᠤᠷ ᠰᠤᠮᠤ ᠭᠠᠴᠠᠭᠠᠨ ᠤ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠣᠯᠠᠭᠤᠯᠭ᠎ᠠ ᠶᠢᠨ ᠴᠡᠭ ᠲᠤ᠂ ᠡᠯ᠎ᠡ ᠲᠥᠷᠥᠯ ᠤᠨ ᠦᠷ᠎ᠡ᠂ | ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠡᠷᠢ ᠲᠡᠭᠰᠢ ᠪᠠᠶᠢᠯᠭᠠᠵᠤ᠂ | ᠲᠠᠷᠢᠶᠠᠨ ᠦᠷ᠎ᠡ᠂ ᠬᠢᠮᠢ ᠶᠢᠨ ᠪᠣᠷᠳᠣᠭᠤᠷ ᠬᠤᠳᠠᠯᠳᠤᠨ ᠠᠪᠬᠤ ᠪᠠᠷ ᠢᠷᠡᠭᠰᠡᠨ ᠲᠣᠰᠬᠤᠨ ᠤ ᠠᠷᠠᠳ ᠲᠠᠰᠤᠷᠠᠯᠳᠡ | ᠦᠭᠡᠢ ᠣᠯᠠᠰᠢᠷᠠᠵᠤ᠂ ᠪᠣᠷᠣᠯᠠᠭᠤᠯᠤᠭᠴᠢ ᠠᠴᠠ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠦᠢᠯᠡᠳᠬᠦᠨ ᠤ ᠣᠨᠴᠠᠯᠢᠭ ᠢ ᠬᠦᠯᠢᠴᠡᠩᠭᠦᠢ ᠪᠠᠷ ᠲᠠᠨᠢᠯᠴᠠᠭᠤᠯᠵᠤ᠂ ᠲᠠᠷᠢᠶᠠᠴᠢᠨ ᠡᠷᠦᠬᠡ ᠶᠢ | ᠬᠠᠪᠰᠤᠷᠤᠨ ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠵᠤ᠂ ᠵᠦᠢ ᠵᠣᠬᠢᠰᠲᠠᠢ ᠪᠤᠷᠳᠤᠭᠤᠷ ᠣᠷᠣᠭᠤᠯᠪᠠ᠃ ᠪᠡᠯᠡ | ᠮᠥᠩᠭᠦ ᠶᠢ ᠡᠷᠭᠢᠯᠲᠡ ᠳᠤ ᠣᠷᠣᠭᠤᠯᠵᠤ ᠳᠡᠶᠢᠯᠬᠦ ᠦᠭᠡᠢ ᠲᠠᠷᠢᠶᠠᠴᠢᠨ ᠡᠷᠦᠬᠡ ᠬᠠᠪᠤᠷ ᠤᠨ ᠲᠠᠷᠢᠶᠠᠯᠠᠭ᠎ᠠ ᠶᠢ | ᠰᠠᠭᠠᠲᠠᠭᠠᠬᠤ ᠦᠭᠡᠢ ᠪᠠᠶᠢᠬᠤ ᠶᠢᠨ ᠲᠥᠯᠥᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠷᠣᠯᠠᠭᠤᠯᠬᠤ | ᠴᠡᠭ ᠲᠤ ᠤᠷᠢᠳ ᠢᠶᠠᠷ ᠬᠡᠷᠡᠭᠯᠡᠵᠦ ᠳᠠᠷᠠᠭ᠎ᠠ ᠨᠢ ᠥᠭᠴᠦ᠂ ᠲᠠᠷᠢᠶᠠᠴᠢᠨ ᠡᠷᠦᠬᠡ ᠨᠠᠮᠤᠷ ᠤᠨ ᠬᠤᠷᠢᠶᠠᠯᠲᠠ ᠶᠢᠨ | ᠳᠠᠷᠠᠭ᠎ᠠ ᠰᠠᠶ᠋ᠢ ᠵᠣᠭᠤᠰ ᠲᠤᠰᠢᠶᠠᠵᠤ ᠪᠣᠯᠤᠨ᠎ᠠ᠃ ︽ᠪᠢ ᠡᠨᠡ ᠵᠢᠯ 200 ᠭᠠᠷᠤᠢ ᠮᠦ ᠲᠠᠷᠢ᠊ ᠡᠶ᠎ᠡ ᠲᠠᠷᠢᠵᠤ᠂ | ᠦᠷ᠎ᠡ ᠪᠠ ᠬᠢᠮᠢ ᠶᠢᠨ ᠪᠣᠷᠳᠣᠭᠤᠷ ᠢ ᠴᠥᠮ ᠠᠳᠡ ᠠᠴᠠ ᠠᠪᠤᠭᠰᠠᠨ ᠶᠤᠮ᠂ ᠡᠨᠡ ᠵᠢᠯ ᠥᠩᠭᠡᠷᠡᠭᠰᠡᠨ | ᠵᠢᠯ ᠤᠳ ᠠᠴᠠ ᠲᠠᠷᠢᠮᠠᠯ ᠤᠨ ᠲᠠᠯᠠᠪᠠᠢ ᠪᠠᠨ ᠨᠡᠮᠡᠭᠳᠡᠭᠦᠯᠦᠭᠰᠡᠨ ᠪᠠᠶᠢᠨ᠎ᠠ᠂ ᠪᠡᠯᠡ ᠮᠥᠩᠭᠦ ᠶᠢ ᠡᠷᠭᠢᠯᠲᠡ ᠳᠤ | ᠣᠷᠣᠭᠤᠯᠵᠤ ᠳᠡᠶᠢᠯᠬᠦ ᠦᠭᠡᠢ ᠪᠠᠶᠢᠨ᠎ᠠ᠂ ᠪᠠᠰᠠ ᠪᠢᠳᠡᠨ ᠤ ᠤᠷᠢᠳᠠᠪᠠᠷ ᠲᠠᠷᠢᠶᠠᠨ ᠭᠠᠵᠠᠷ ᠢᠶᠠᠨ ᠲᠠᠷᠢᠬᠤ ᠶᠢ | ᠪᠠᠲᠤᠯᠠᠵᠤ ᠪᠣᠯᠤᠨ᠎ᠠ᠂ ᠡᠨᠡ ᠨᠢ ᠪᠠᠲᠤᠯᠠᠭ᠎ᠠ ᠲᠠᠢ ᠪᠣᠯ ᠪᠢᠳᠡ ᠪᠠᠰᠠ ᠰᠠᠨᠠᠭ᠎ᠠ ᠠᠮᠤᠷ ᠪᠠᠶᠢᠨ᠎ᠠ᠂ ᠡᠨᠡ ᠵᠢᠯ | ᠰᠠᠶᠢᠨ ᠤᠨ ᠵᠢᠯ ᠢᠶᠠᠨ ᠣᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃ ᠪᠠᠶᠠᠨᠨᠠᠭᠤᠷ ᠰᠤᠮᠤ ᠭᠠᠴᠠᠭᠠᠨ ᠤ ᠠᠷᠠᠳ | ᠸᠠᠩ ᠡᠷᠡᠭᠦᠯ ᠬᠠᠮᠠᠭᠠᠯᠠᠯ ᠠᠴᠠ᠃ | ᠮᠡᠷᠭᠡᠵᠢᠯ ᠤᠨ ᠠᠵᠢᠯᠲᠠᠨ ᠲᠠᠷᠢᠶᠠᠯᠠᠩ ᠤᠨ ᠮᠠᠰᠢᠨ ᠪᠠᠭᠠᠵᠢ ᠪᠠᠨ᠃ ᠡᠭᠦᠨ ᠤ ᠬᠠᠮᠲᠤ᠂ ᠪᠠᠶᠠᠨᠨᠠᠭᠤᠷ ᠰᠤᠮᠤ ᠶᠢᠨ | ᠪᠠᠶᠠᠨᠨᠠᠭᠤᠷ ᠭᠠᠴᠠᠭᠠᠨ ᠤ ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ ᠭᠠᠵᠠᠷ ᠴᠤ ᠬᠥᠷ ᠬᠥᠭᠵᠢᠶᠡᠨ ᠲᠠᠢ | ᠪᠠᠶᠢᠯ᠎ᠠ᠃ ᠮᠡᠷᠭᠡᠵᠢᠯ ᠤᠨ ᠠᠵᠢᠯᠲᠠᠳ ᠲᠷᠠᠺᠲ᠋ᠣᠷ᠂ ᠲᠠᠷᠢᠬᠤ ᠮᠠᠰᠢᠨ ᠵᠡᠷᠭᠡ ᠲᠠᠷᠢᠶᠠᠯᠠᠩ ᠤᠨ ᠮᠠᠰᠢᠨ ᠪᠠᠭᠠᠵᠢ ᠳᠤ | ᠲᠣᠬᠢᠷᠠᠭᠤᠯᠤᠯᠲᠠ ᠬᠢᠬᠦ᠂ ᠠᠷᠠᠴᠢᠯᠠᠬᠤ ᠪᠠ ᠰᠡᠯᠪᠢᠨ ᠵᠠᠰᠠᠬᠤ ᠠᠵᠢᠯ ᠬᠢᠵᠦ᠂ ᠲᠡᠳᠡᠨ ᠤ ᠬᠠᠮᠤᠭ ᠤᠨ ᠰᠠᠶᠢᠨ | ᠪᠠᠶᠢᠳᠠᠯ ᠢᠶᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠯᠴᠠᠬᠤ ᠶᠢ ᠦᠨᠡᠨ ᠬᠦ ᠪᠠᠲᠤᠯᠠᠵᠤ ᠪᠠᠶᠢᠨ᠎ᠠ᠃ | ᠪᠦᠬᠦ ᠰᠤᠮᠤ ᠨᠢ ᠨᠡᠶᠢᠲᠡ 5000 ᠰᠠᠭᠤᠷᠢ ︵ᠢᠵᠢ︶ ᠲᠠᠢ ᠪᠠᠶᠢᠵᠤ᠂ ᠣᠳᠣᠬᠠᠨ ᠳᠤ ᠨᠢᠭᠡᠨᠲᠡ ᠵᠠᠯᠭᠠᠭ᠎ᠠ ᠪᠠᠷ | ᠰᠡᠯᠪᠢᠨ ᠵᠠᠰᠠᠵᠤ ᠳᠠᠭᠤᠰᠬᠠᠪᠠ᠃ ︽ᠤᠳᠠᠯ ᠦᠭᠡᠢ ᠲᠠᠷᠢ᠊ ᠡᠶ᠎ᠡ ᠲᠠᠷᠢᠪᠠ᠂ ᠮᠠᠰᠢ ᠣᠯᠠᠨ ᠠᠷᠠᠳ ᠲᠦᠮᠡᠨ | ᠲᠠᠷᠢᠶᠠᠯᠠᠩ ᠤᠨ ᠮᠠᠰᠢᠨ ᠬᠡᠷᠡᠭᠰᠡᠯ ᠢᠶᠠᠨ ᠬᠦᠷᠭᠡᠵᠦ ᠰᠡᠯᠪᠢᠭᠦᠯᠪᠡ᠂ ᠪᠢ ᠴᠠᠭ ᠨᠡᠮᠡᠵᠦ ᠠᠵᠢᠯᠯᠠᠨ᠂ ᠠᠷᠠᠳ ᠣᠯᠠᠨ ᠤ | ᠲᠠᠷᠢ᠊ ᠡᠶ᠎ᠡ ᠲᠠᠷᠢᠬᠤ ᠶᠢ ᠰᠠᠭᠠᠲᠠᠭᠠᠬᠤ ᠦᠭᠡᠢ ᠪᠠᠶᠢᠨ᠎ᠠ︾ ᠭᠡᠵᠦ ᠬᠡᠯᠡᠪᠡ᠃ ᠪᠠᠶᠠᠨᠨᠠᠭᠤᠷ ᠰᠤᠮᠤ ᠶᠢᠨ ᠪᠠᠶᠠᠨᠨᠠᠭᠤᠷ | ᠭᠠᠴᠠᠭᠠᠨ ᠤ ᠲᠠᠷᠢᠶᠠᠯᠠᠩ ᠤᠨ ᠮᠠᠰᠢᠨ ᠰᠡᠯᠪᠢᠨ ᠵᠠᠰᠠᠬᠤ ᠪᠠᠭᠰᠢ ᠪᠠᠢ ᠹᠦ᠋ ᠫᠢᠩ ᠬᠡᠯᠡᠪᠡ᠃ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠠᠩᠬᠠᠨ ᠤ ᠳᠠᠶᠢᠯᠠᠯᠳᠤᠭᠠᠨ︾ ᠢ ᠰᠠᠶᠢᠲᠤᠷ ᠬᠢᠬᠦ ᠶᠢᠨ ᠲᠥᠯᠥᠭᠡ᠂ | ᠪᠠᠶᠠᠨᠨᠠᠭᠤᠷ ᠰᠤᠮᠤ ᠤᠷᠢᠳᠴᠢᠯᠠᠨ ᠠᠷᠭ᠎ᠠ ᠰᠦᠪᠡᠭᠴᠢᠯᠡᠵᠦ᠂ ᠮᠡᠷᠭᠡᠵᠢᠯ ᠤᠨ ᠵᠢᠯᠣᠭᠤᠳᠣᠯᠭ᠎ᠠ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠵᠡᠷᠭᠡ ᠪᠠᠷ | ᠳᠠᠮᠵᠢᠭᠤᠯᠤᠨ ᠰᠤᠮᠤᠨ ᠤ 23 ᠲᠦᠮᠡᠨ ᠮᠦ ᠲᠠᠷᠢᠮᠠᠯ ᠲᠠᠷᠢᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠪᠡ᠃ |