︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠵᠥᠷᠢᠴᠡᠯ ᠢ ᠨᠠᠮᠳᠠᠭᠤᠯᠵᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠬᠢᠵᠢᠬᠦᠯᠦᠨ᠎ᠡ
ᠨᠡᠶᠢᠲᠡᠯᠡᠭᠰᠡᠨ ᠴᠠᠭ᠄
2025/4/7
   ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ︵ᠳᠣᠷᠣᠭᠰᠢ ᠶᠡᠷᠦᠩᠬᠡᠶᠢᠯᠡᠨ ᠵᠠᠰᠠᠬᠤ ᠲᠥᠪ ᠭᠡᠵᠦ ᠲᠣᠪᠴᠢᠯᠠᠨ᠎ᠠ︶ ᠢ ᠵᠢᠷᠤᠮᠵᠢᠭᠤᠯᠤᠨ ᠪᠠᠶᠢᠭᠤᠯᠬᠤ ᠪᠠ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠪᠠ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠢ ᠣᠯᠠᠨ ᠲᠦᠮᠡᠨ ᠳᠤ ᠦᠢᠯᠡᠴᠢᠯᠡᠬᠦ ᠴᠣᠩᠬᠤ ᠪᠣᠯᠭᠠᠵᠤ᠂ ᠵᠥᠷᠢᠴᠡᠯ ᠢ ᠠᠷᠢᠯᠭᠠᠬᠤ ᠡᠮᠦᠨ᠎ᠡ ᠹᠷᠣᠨᠲ ᠪᠣᠯᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠭᠦᠢᠴᠡᠳᠬᠡᠬᠦ ᠬᠥᠮᠦᠨ ᠲᠠᠢ᠂ ᠬᠠᠤᠯᠢ ᠶᠣᠰᠣᠭᠠᠷ ᠰᠢᠢᠳᠪᠦᠷᠢᠯᠡᠵᠦ᠂ ᠣᠯᠠᠨ ᠲᠦᠮᠡᠨ ᠳᠤ ᠲᠥᠪ ᠭᠤᠣᠯᠴᠢ ᠰᠢᠳᠤᠷᠭᠤ ᠶᠣᠰᠣ ᠶᠢ ᠪᠡᠶ᠎ᠡ ᠪᠠᠷ ᠢᠶᠠᠨ ᠮᠡᠳᠡᠷᠡᠭᠦᠯᠪᠡ᠃ ᠬᠤᠣᠰ ᠠᠯᠲᠠᠨ ᠴᠡᠴᠡᠭ ᠶᠠᠭ ᠠᠶᠢᠯᠴᠢᠯᠠᠵᠤ ᠪᠠᠶᠢᠨ᠎ᠠ᠃    ᠲᠦᠷᠦᠭᠦᠬᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠲᠤ ᠬᠦᠷᠴᠦ᠂ ᠬᠦᠯᠢᠶᠡᠨ ᠠᠪᠬᠤ ᠶᠡᠭᠡ ᠲᠢᠩᠬᠢᠮ ᠠᠭᠤᠵᠢᠮ ᠰᠠᠷᠠᠭᠤᠯ ᠪᠠᠶᠢᠵᠤ᠂ ᠠᠵᠢᠯ ᠤᠨ ᠡᠮᠬᠢ ᠳᠢᠭᠯᠢᠮ ᠲᠠᠢ ᠡᠮᠬᠢ ᠳᠢᠭᠯᠢᠮ ᠲᠠᠢ ᠶᠠᠪᠤᠭᠳᠠᠪᠠ᠃ ᠡᠯ᠎ᠡ ᠴᠢᠳᠠᠮᠵᠢᠲᠤ ᠣᠷᠣᠨ ᠤ ᠬᠤᠪᠢᠶᠠᠷᠢᠯᠠᠯ ᠨᠢ ᠲᠣᠳᠣᠷᠬᠠᠢ᠂ ᠬᠥᠲᠥᠯᠥᠨ ᠵᠢᠯᠣᠭᠤᠳᠬᠤ ᠲᠡᠮᠳᠡᠭ ᠨᠢ ᠲᠣᠳᠣᠷᠬᠠᠢ ᠪᠠᠶᠢᠵᠤ᠂ ᠬᠥᠮᠦᠰ ᠢ ᠲᠣᠳᠣᠷᠬᠠᠢ ᠣᠶᠢᠯᠠᠭᠠᠭᠤᠯᠤᠨ᠎ᠠ᠃ ᠬᠤᠶᠠᠷ ᠰᠤᠮᠤ ᠪᠠᠯᠭᠠᠰᠤᠨ ᠤ ᠲᠣᠰᠬᠤᠨ ᠤ ᠠᠷᠠᠳ ᠱᠤᠸᠠᠩ ᠶᠢᠨ ᠬᠤᠸᠠ ᠥᠷᠯᠥᠭᠡ ᠡᠷᠲᠡ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠲᠤ ᠬᠦᠷᠴᠦ᠂ ᠠᠵᠢᠯᠲᠠᠨ ᠤ ᠡᠶᠡᠳᠡᠭᠦᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠠᠷᠢᠭᠤ ᠰᠤᠷᠪᠤᠯᠵᠢᠯᠠᠵᠤ ᠳᠡᠩᠰᠡᠯᠡᠨ ᠲᠡᠮᠳᠡᠭᠯᠡᠪᠡ᠃ ᠬᠡᠳᠦᠨ ᠡᠳᠦᠷ ᠤᠨ ᠡᠮᠦᠨ᠎ᠡ᠂ ᠱᠤᠸᠠᠩ ᠶᠢᠨ ᠬᠤᠸᠠ ᠭᠠᠵᠠᠷ ᠰᠢᠷᠣᠢ ᠶᠢᠨ ᠵᠢᠭᠤᠷᠠᠯᠳᠤᠭᠠᠨ ᠤ ᠠᠰᠠᠭᠤᠳᠠᠯ ᠠᠴᠠ ᠪᠣᠯᠵᠤ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠢ ᠣᠯᠵᠤ᠂ ᠪᠡᠶ᠎ᠡ ᠪᠠᠷ ᠢᠶᠠᠨ ᠡᠶᠡᠳᠡᠭᠦᠯᠵᠦ᠂ ᠠᠵᠢᠯᠲᠠᠳ ᠤᠨ ᠴᠢᠷᠮᠠᠶᠢᠯᠭ᠎ᠠ ᠪᠠᠷ᠂ ᠬᠠᠮᠤᠭ ᠡᠴᠦᠰ ᠲᠤ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠴᠦ᠂ ᠭᠠᠵᠠᠷ ᠰᠢᠷᠣᠢ ᠶᠢᠨ ᠰᠢᠯᠲᠠᠭᠠᠨ ᠠᠴᠠ ᠪᠣᠯᠤᠭᠰᠠᠨ ᠡᠨᠡ ᠬᠦ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠬᠦ ᠶᠢ ᠬᠦᠰᠡᠪᠡ᠃ ᠬᠤᠶᠠᠷ ᠲᠠᠯ᠎ᠠ ᠪᠠᠷ ᠢᠶᠠᠨ ᠮᠠᠨ ᠤ ᠶᠡᠷᠦᠩᠬᠡᠶᠢᠯᠡᠨ ᠵᠠᠰᠠᠬᠤ ᠲᠥᠪ ᠤᠨ ᠡᠶᠡᠳᠡᠭᠦᠯᠬᠦ ᠠᠵᠢᠯ ᠢ ᠣᠨᠴᠠᠭᠠᠢ ᠮᠡᠳᠡᠷᠡᠪᠡ᠃ ᠠᠵᠢᠯᠲᠠᠨ ᠤ ᠬᠠᠪᠰᠤᠷᠤᠯᠭ᠎ᠠ ᠳᠣᠣᠷ᠎ᠠ᠂ ᠮᠠᠨ ᠤ ᠭᠠᠵᠠᠷ ᠰᠢᠷᠣᠢ ᠶᠢᠨ ᠵᠢᠭᠤᠷᠠᠯᠳᠤᠭᠠᠨ ᠤ ᠵᠥᠷᠢᠴᠡᠯ ᠮᠠᠰᠢ ᠲᠦᠷᠭᠡᠨ ᠰᠢᠢᠳᠪᠦᠷᠢᠯᠡᠭᠳᠡᠪᠡ︾ ᠭᠡᠵᠦ ᠬᠡᠯᠡᠪᠡ᠃ ᠤᠴᠢᠷ ᠶᠠᠪᠤᠳᠠᠯ ᠪᠦᠲᠦᠭᠡᠬᠦ ᠪᠠᠷ ᠢᠷᠡᠭᠰᠡᠨ ᠣᠯᠠᠨ ᠲᠦᠮᠡᠨ ᠳᠤ ᠠᠰᠠᠭᠤᠯᠲᠠ ᠬᠠᠷᠢᠭᠤᠯᠵᠤ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠣᠷᠣᠨ ᠪᠦᠰᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠣᠯᠠᠨ ᠲᠥᠪ ᠢ ᠨᠢᠭᠡᠳᠬᠡᠵᠦ᠂ ᠨᠢᠭᠡ ᠲᠥᠪ ᠢ ᠣᠯᠠᠨ ᠵᠦᠢᠯ ᠳᠤ ᠬᠡᠷᠡᠭᠯᠡᠬᠦ︾ ᠵᠠᠷᠴᠢᠮ ᠢ ᠪᠠᠷᠢᠮᠲᠠᠯᠠᠵᠤ᠂ ︽ᠭᠤᠣᠯᠳᠠᠯᠭ᠎ᠠ ᠲᠠᠢ ᠰᠠᠯᠠᠭ᠎ᠠ ᠮᠥᠴᠢᠷ ᠢ ᠲᠥᠪᠯᠡᠷᠡᠭᠦᠯᠦᠨ ᠪᠠᠶᠢᠩᠭᠤ ᠰᠠᠭᠤᠯᠭᠠᠬᠤ᠂ ᠡᠩ ᠤᠨ ᠰᠠᠯᠠᠭ᠎ᠠ ᠮᠥᠴᠢᠷ ᠢ ᠡᠭᠡᠯᠵᠢᠯᠡᠨ ᠰᠣᠯᠢᠬᠤ᠂ ᠬᠡᠷᠡᠭ ᠲᠤ ᠬᠤᠯᠪᠣᠭᠳᠠᠬᠤ ᠰᠠᠯᠠᠭ᠎ᠠ ᠮᠥᠴᠢᠷ ᠬᠡᠵᠢᠶ᠎ᠡ ᠳᠠᠭᠤᠳᠠᠪᠠᠯ ᠰᠠᠭᠤᠬᠤ︾ ᠪᠠᠷ ᠣᠨᠣᠯᠵᠢᠬᠤᠨ ᠪᠣᠯᠭᠠᠵᠤ᠂ ᠰᠢᠭᠦᠬᠦ ᠬᠤᠷᠢ᠊ ᠡᠶ᠎ᠡ᠂ ᠪᠠᠶᠢᠴᠠᠭᠠᠬᠤ ᠬᠤᠷᠢ᠊ ᠡᠶ᠎ᠡ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ 12 ᠨᠢᠭᠡᠴᠡ ᠶᠢᠨ ᠣᠷᠣᠵᠤ ᠰᠠᠭᠤᠬᠤ ᠲᠥᠪ ᠢ ᠡᠮᠬᠢᠯᠡᠨ ᠨᠡᠶᠢᠯᠡᠭᠦᠯᠵᠦ᠂ ᠨᠢᠭᠡ ᠴᠣᠭᠴᠠᠵᠢᠭᠤᠯᠤᠨ ᠲᠥᠪᠯᠡᠷᠡᠭᠦᠯᠦᠨ ᠠᠵᠢᠯᠯᠠᠬᠤ ᠶᠢ ᠪᠡᠶᠡᠯᠡᠭᠦᠯᠦᠨ᠎ᠡ᠃ ᠪᠠᠰᠠ ᠣᠯᠠᠨ ᠲᠦᠮᠡᠨ ᠤ ᠬᠦᠯᠢᠶᠡᠨ ᠠᠪᠬᠤ ᠲᠢᠩᠬᠢᠮ᠂ ᠠᠷᠠᠳ ᠤᠨ ᠡᠶᠡᠳᠡᠭᠦᠯᠬᠦ ᠲᠠᠰᠤᠭ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ᠂ ᠬᠠᠷᠠᠭᠠᠨ ᠳᠠᠪᠲᠠᠮᠵᠢ ᠶᠢᠨ ᠵᠢᠯᠣᠭᠤᠳᠬᠤ ᠲᠠᠰᠤᠭ ᠵᠡᠷᠭᠡ ᠣᠨᠴᠠᠯᠢᠭᠲᠤ ᠴᠢᠳᠠᠮᠵᠢᠲᠤ ᠣᠷᠣᠨ ᠢ ᠪᠠᠶᠢᠭᠤᠯᠵᠤ᠂ ᠠᠰᠠᠭᠤᠳᠠᠯ ᠲᠠᠢ ᠪᠣᠯ ︽ᠨᠢᠭᠡ ᠯᠡ ᠡᠭᠦᠳᠡ ᠪᠠᠷ ᠣᠷᠣᠵᠤ᠂ ᠨᠢᠭᠡ ᠯᠡ ᠴᠣᠩᠬᠤ ᠪᠠᠷ ᠬᠦᠷᠴᠦ᠂ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠵᠦ᠂ ᠶᠡᠷᠦᠩᠬᠡᠶᠢᠯᠡᠨ ᠵᠠᠰᠠᠬᠤ ᠲᠥᠪ ᠢ ᠣᠯᠠᠨ ᠲᠦᠮᠡᠨ ᠤ ᠳᠡᠷᠭᠡᠳᠡᠬᠢ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠪᠣᠯᠭᠠᠨ ᠪᠠᠶᠢᠭᠤᠯᠬᠤ ᠬᠡᠷᠡᠭᠲᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠨᠢ ᠪᠠᠰᠠ ᠵᠠᠰᠠᠬᠤ ᠬᠦᠷᠢᠶ᠎ᠡ ᠬᠡᠪᠴᠢᠶ᠎ᠡ ᠪᠠᠨ ᠦᠨᠳᠦᠰᠦᠨ ᠱᠠᠲᠤᠨ ᠳᠤ ᠬᠦᠷᠲᠡᠯ᠎ᠡ ᠥᠷᠭᠡᠳᠬᠡᠵᠦ᠂ ᠣᠳᠣᠬᠠᠨ ᠳᠤ᠂ ᠪᠦᠬᠦ ᠬᠤᠰᠢᠭᠤᠨ ᠤ 12 ᠰᠤᠮᠤ ᠪᠠᠯᠭᠠᠰᠤ ᠪᠦᠬᠦᠨ ᠢᠶᠠᠷ ᠢᠶᠠᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠭᠰᠡᠨ ᠪᠥᠭᠡᠳ ᠬᠡᠪ ᠤᠨ ᠪᠠᠶᠢᠳᠠᠯ ᠢᠶᠠᠷ ᠠᠵᠢᠯᠯᠠᠵᠤ᠂ ᠡᠭᠦᠨ ᠤ ᠤᠯᠠᠮ ᠢᠶᠠᠷ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠱᠠᠲᠤᠯᠢᠭ ᠵᠠᠮ᠂ ᠳᠠᠪᠬᠤᠷᠭ᠎ᠠ ᠬᠤᠪᠢᠶᠠᠨ ᠰᠢᠭᠦᠬᠦ ᠡᠶᠡᠳᠡᠭᠦᠯᠬᠦ ᠠᠵᠢᠯ ᠤᠨ ᠰᠢᠰᠲ᠋ᠧᠮ ᠢ ᠪᠠᠶᠢᠭᠤᠯᠤᠭᠰᠠᠨ ᠪᠠᠶᠢᠨ᠎ᠠ᠃ ᠪᠠᠶᠠᠨᠬᠤᠰᠢᠭᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠣᠳᠣ ᠶᠠᠭ ᠡᠶᠡᠳᠡᠭᠦᠯᠭᠡ ᠬᠢᠵᠦ ᠪᠠᠶᠢᠨ᠎ᠠ᠃ ᠣᠶᠢᠷ᠎ᠠ ᠳᠤ᠂ ᠪᠠᠶᠠᠨᠬᠤᠰᠢᠭᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠲᠤ᠂ ᠠᠵᠢᠯᠲᠠᠳ ᠬᠤᠯᠪᠣᠭᠳᠠᠯ ᠪᠦᠬᠦᠢ ᠠᠵᠤ ᠠᠬᠤᠢ᠂ ᠭᠠᠵᠠᠷ ᠰᠢᠷᠣᠢ ᠶᠢᠨ ᠵᠥᠷᠢᠴᠡᠯ ᠵᠢᠭᠤᠷᠠᠯᠳᠤᠭᠠᠨ ᠢ ᠲᠥᠪᠯᠡᠷᠡᠭᠦᠯᠦᠨ ᠡᠶᠡᠳᠡᠭᠦᠯᠬᠦ ᠶᠢᠨ ᠬᠠᠮᠲᠤ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠲᠠᠢ ᠬᠤᠯᠪᠣᠭᠠᠯᠠᠨ ᠬᠥᠳᠡᠯᠦᠯᠴᠡᠵᠦ᠂ ᠡᠶᠡᠳᠡᠭᠦᠯᠬᠦ ᠪᠠᠷ ᠢᠷᠡᠭᠰᠡᠨ ᠣᠯᠠᠨ ᠲᠦᠮᠡᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠬᠢᠵᠦ᠂ ᠰᠡᠳᠬᠢᠯ ᠬᠥᠳᠡᠯᠦᠨ ᠬᠠᠶᠢᠷ᠎ᠠ ᠰᠡᠳᠬᠢᠯᠭᠡ ᠪᠠᠷ᠂ ᠶᠣᠰᠣ ᠤᠴᠢᠷ ᠢ ᠮᠡᠳᠡᠬᠦ ᠡᠶᠡᠳᠡᠭᠦᠯᠭᠡ ᠳᠣᠣᠷ᠎ᠠ᠂ ᠵᠢᠭᠤᠷᠠᠯᠳᠤᠭᠠᠨ ᠤ ᠬᠤᠶᠠᠷ ᠲᠠᠯ᠎ᠠ ᠪᠠᠷ ᠢᠶᠠᠨ ᠬᠠᠮᠤᠭ ᠤᠨ ᠡᠴᠦᠰ ᠤᠨ ᠦᠭᠡ ᠶᠠᠷᠢᠶ᠎ᠠ ᠪᠣᠯᠪᠠ᠃    ᠪᠠᠶᠠᠨᠬᠤᠰᠢᠭᠤ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠤᠨ ᠡᠷᠬᠢᠯᠡᠭᠴᠢ ᠭᠦᠸᠧ ᠵᠢᠶᠠ᠄ ︽ᠪᠠᠶᠠᠨᠬᠤᠰᠢᠭᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠬᠢᠭᠡᠳ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠬᠦᠴᠦᠨ ᠢ ᠪᠦᠷᠢᠯᠳᠦᠭᠦᠯᠵᠦ᠂ ᠠᠷᠠᠳ ᠣᠯᠠᠨ ᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠬᠠᠮᠢᠶ᠎ᠠ ᠪᠦᠬᠦᠢ ᠡᠯ᠎ᠡ ᠲᠥᠷᠥᠯ ᠤᠨ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠵᠦ᠂ ᠠᠷᠠᠳ ᠣᠯᠠᠨ ᠢ ᠨᠢᠭᠡ ᠯᠡ ᠡᠭᠦᠳᠡ ᠪᠠᠷ ᠣᠷᠣᠭᠤᠯᠵᠤ᠂ ᠬᠠᠮᠤᠭ ᠤᠨ ᠣᠯᠠᠨ ᠳᠠᠭᠠᠨ ᠨᠢᠭᠡ ᠭᠠᠵᠠᠷ ᠭᠦᠶᠦᠯᠭᠡᠵᠦ᠂ ᠠᠰᠠᠭᠤᠳᠠᠯ ᠢ ᠴᠥᠮ ᠰᠢᠢᠳᠪᠦᠷᠢᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号