ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ︽ᠪᠦᠯᠬᠦᠮ ᠪᠠᠶᠢᠭᠤᠯᠬᠤ ᠮᠠᠶ᠋ᠢᠭ︾ ᠢᠶᠠᠷ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠬᠠᠪᠰᠤᠷᠤᠨ | ᠲᠡᠳᠬᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶ᠎ᠠ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢ᠊ ᠡᠶ᠎ᠡ ᠶᠢᠨ ᠡᠮᠴᠢᠯᠡᠭᠡᠨ ᠤ ᠡᠬᠢ ᠪᠠᠶᠠᠯᠢᠭ ᠤᠨ | ᠳᠠᠪᠠᠭᠤᠯᠢᠭ ᠢ ᠭᠦᠢᠴᠡᠳ ᠠᠰᠢᠭᠯᠠᠨ᠂ ᠠᠯᠤᠰ ᠡᠵᠡᠮᠰᠢᠯᠲᠦ ᠬᠠᠮᠲᠤᠷᠠᠨ ᠣᠨᠣᠰᠢᠯᠠᠬᠤ ᠦᠢᠯᠡᠴᠢᠯᠡᠭᠡᠨ ᠤ | ᠲᠠᠪᠴᠠᠩ ᠢᠶᠠᠷ ᠳᠠᠮᠵᠢᠭᠤᠯᠤᠨ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠬᠠᠮᠲᠤᠷᠠᠨ ᠣᠨᠣᠰᠢᠯᠠᠬᠤ᠂ ᠬᠦᠴᠢᠷ | ᠲᠦᠪᠡᠭᠲᠡᠢ ᠬᠦᠨᠳᠦ ᠡᠪᠡᠳᠴᠢᠨ ᠤ ᠵᠢᠱᠢᠶ᠎ᠡ ᠶᠢ ᠶᠠᠷᠢᠯᠴᠠᠬᠤ ᠶᠢ ᠪᠡᠶᠡᠯᠡᠭᠦᠯᠵᠦ᠂ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠢ ᠳᠣᠷᠣᠭᠰᠢ ᠪᠠᠭᠤᠯᠭᠠᠬᠤ ᠶᠢ ᠪᠦᠲᠦᠮᠵᠢᠲᠡᠢ ᠲᠦᠯᠬᠢᠨ ᠠᠬᠢᠭᠤᠯᠵᠤ᠂ ᠥᠷᠭᠡᠨ ᠣᠯᠠᠨ ᠡᠪᠡᠳᠴᠢᠲᠡᠨ ᠳᠤ | ᠨᠡᠩ ᠳᠥᠭᠦᠮ ᠳᠥᠲᠡ᠂ ᠥᠨᠳᠥᠷ ᠪᠦᠲᠦᠮᠵᠢᠲᠡᠢ ᠪᠠ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡᠨ ᠤ | ᠣᠶᠢᠯᠠᠭᠠᠯᠲᠠ ᠶᠢ ᠬᠠᠩᠭᠠᠭᠰᠠᠨ ᠪᠠᠶᠢᠨ᠎ᠠ᠃ | ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ | ᠪᠣᠯᠤᠨ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠠᠯᠤᠰ ᠡᠵᠡᠮᠱᠢᠯ ᠢᠶᠠᠷ ᠬᠠᠮᠲᠤᠷᠠᠨ ᠣᠨᠣᠱᠢᠯᠠᠬᠤ | ᠬᠠᠮᠲᠤᠷᠠᠯᠴᠠᠭ᠎ᠠ ᠥᠷᠨᠢᠭᠦᠯᠵᠦ᠂ ᠬᠠᠮᠲᠤᠷᠠᠨ ᠣᠨᠣᠱᠢᠯᠠᠬᠤ ᠲᠤᠬᠠᠢ ᠶᠢᠨ ᠲᠠᠯᠠᠪᠠᠢ ᠳᠤ᠂ ᠬᠤᠶᠠᠷ ᠡᠮᠨᠡᠯᠭᠡ ᠶᠢᠨ | ᠬᠤᠷᠢᠶᠠᠨ ᠤ ᠲᠤᠰᠭᠠᠢ ᠮᠡᠷᠭᠡᠵᠢᠯᠲᠡᠨ ᠭᠤᠣ ᠴᠢᠩ ᠸᠢᠳᠢᠣ᠋ ᠤᠲᠠᠰᠤ ᠪᠠᠷ ᠳᠠᠮᠵᠢᠨ᠂ ᠡᠪᠡᠳᠴᠢᠲᠡᠨ ᠯᠢ ᠱᠤᠸᠠᠩ | ᠵᠤ᠋ ᠳᠤ ᠬᠠᠮᠲᠤᠷᠠᠨ ᠣᠨᠣᠱᠢᠯᠠᠵᠤ᠂ ᠵᠢᠷᠤᠭ ᠳᠦᠷᠰᠦ ᠶᠢᠨ ᠮᠠᠲ᠋ᠧᠷᠢᠶᠠᠯ ᠪᠣᠯᠤᠨ ᠡᠪᠡᠳᠴᠢᠨ ᠤ ᠲᠡᠦᠬᠡ ᠶᠢᠨ | ᠵᠠᠳᠠᠯᠤᠯᠲᠠ ᠬᠢᠵᠦ᠂ ᠥᠪᠡᠷᠮᠢᠴᠡ ᠡᠮᠴᠢᠯᠡᠭᠡᠨ ᠤ ᠲᠥᠰᠦᠯ ᠢ ᠲᠣᠭᠲᠠᠭᠠᠪᠠ᠃ ᠪᠦᠬᠦ᠋ᠢᠯᠡ ᠬᠠᠮᠲᠤᠷᠠᠨ ᠣᠨᠣᠰᠢᠯᠠᠬᠤ | ᠶᠠᠪᠤᠴᠠ ᠨᠢ ᠬᠠᠷᠰᠢ ᠰᠠᠭᠠᠳ ᠦᠭᠡᠢ ᠪᠠᠶᠢᠵᠤ᠂ ᠬᠤᠶᠠᠷ ᠲᠠᠯ᠎ᠠ ᠶᠢᠨ ᠡᠮᠴᠢ ᠸᠢᠳᠢᠣ᠋ ᠪᠠᠷ ᠶᠠᠷᠢᠯᠴᠠᠬᠤ᠂ ᠳᠡᠯᠭᠡᠴᠡ ᠪᠠᠷ | ᠡᠪᠡᠳᠴᠢᠨ ᠤ ᠥᠩᠭᠡᠷᠡᠯᠲᠡ ᠪᠠᠨ ᠬᠤᠪᠢᠶᠠᠯᠴᠠᠬᠤ᠂ ᠪᠠᠶᠢᠴᠠᠭᠠᠯᠲᠠ ᠶᠢᠨ ᠮᠡᠳᠡᠭᠦᠯᠦᠯᠲᠡ᠂ ᠦᠰᠦᠭ ᠪᠢᠴᠢᠭ ᠤᠨ | ᠰᠣᠯᠢᠯᠴᠠᠭ᠎ᠠ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠥᠨᠳᠥᠷ ᠪᠦᠲᠦᠮᠵᠢᠲᠡᠢ ᠨᠡᠪᠲᠡᠷᠡᠯᠴᠡᠵᠦ᠂ | ᠡᠮᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠦ ᠴᠢᠳᠠᠨ᠎ᠠ᠃ ︽ᠡᠪᠡᠳᠴᠢᠲᠡᠨ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠴᠠᠭ ᠲᠤᠬᠠᠢ ᠳᠤᠨᠢ ᠡᠮᠨᠡᠨ ᠵᠠᠰᠠᠭᠰᠠᠨ ᠤ ᠳᠠᠷᠠᠭ᠎ᠠ | ᠮᠠᠰᠢ ᠰᠠᠶᠢᠨ ᠰᠡᠷᠭᠦᠵᠦ᠂ ᠪᠠᠰᠠ ᠮᠠᠨ ᠤ ᠡᠮᠨᠡᠯᠭᠡ ᠶᠢᠨ ᠬᠤᠷᠢᠶᠠᠨ ᠤ ᠠᠯᠤᠰ ᠡᠵᠡᠮᠰᠢᠯᠲᠦ ᠣᠨᠣᠰᠢᠯᠠᠨ ᠡᠮᠨᠡᠬᠦ | ᠦᠢᠯᠡᠴᠢᠯᠡᠭᠡ ᠪᠠᠷ ᠳᠠᠮᠵᠢᠨ᠂ ᠠᠶᠢᠮᠠᠭ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠣᠨᠣᠰᠢᠯᠠᠨ ᠡᠮᠨᠡᠬᠦ | ᠠᠵᠢᠯ ᠢ ᠣᠯᠵᠤ᠂ ᠡᠪᠡᠳᠴᠢᠲᠡᠨ ᠳᠤ ᠭᠡᠷ ᠤᠨ ᠡᠭᠦᠳᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠵᠤ᠂ | ᠭᠡᠷ ᠪᠦᠯᠢ ᠶᠢᠨ ᠬᠢᠨ ᠳᠤ ᠮᠠᠰᠢ ᠣᠯᠠᠨ ᠵᠠᠷᠤᠯᠭ᠎ᠠ ᠪᠠ ᠴᠠᠭ ᠠᠷᠪᠢᠯᠠᠪᠠ︾ ᠭᠡᠵᠡᠢ᠃ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ | ᠰᠤᠪᠢᠯᠠᠭᠴᠢ ᠶᠢᠨ ᠳᠠᠷᠤᠭ᠎ᠠ ᠯᠢᠶᠠᠩ ᠰᠢᠶᠠ ᠬᠡᠯᠡᠪᠡ᠃ | ᠠᠯᠤᠰ ᠠᠴᠠ ᠬᠠᠮᠲᠤᠷᠠᠨ ᠣᠨᠣᠰᠢᠯᠠᠬᠤ ᠵᠠᠭᠪᠤᠷ ᠨᠢ ᠡᠪᠡᠳᠴᠢᠲᠡᠨ ᠤ ᠳᠠᠷᠤᠭᠠᠰᠤ ᠶᠢ ᠲᠦᠢᠯ ᠤᠨ ᠶᠡᠭᠡ ᠪᠠᠷ | ᠬᠥᠩᠭᠡᠷᠡᠭᠦᠯᠵᠦ᠂ ᠡᠪᠡᠳᠴᠢᠲᠡᠨ ᠤ ᠴᠠᠭ ᠤᠨ ᠥᠪᠡᠷ ᠤᠨ ᠥᠷᠲᠡᠭ ᠢ ᠠᠷᠪᠢᠯᠠᠭᠰᠠᠨ ᠢᠶᠠᠷ ᠪᠠᠷᠠᠬᠤ ᠦᠭᠡᠢ᠂ | ᠡᠪᠡᠳᠴᠢᠲᠡᠨ ᠳᠤ ᠤᠷᠲᠤ ᠬᠤᠭᠤᠴᠠᠭ᠎ᠠ ᠪᠠᠷ ᠮᠥᠷᠯᠡᠨ ᠬᠦᠯᠢᠶᠡᠬᠦ ᠴᠢᠬᠤᠯᠠ ᠦᠭᠡᠢ ᠪᠣᠯᠤᠭᠰᠠᠨ ᠲᠤᠰᠬᠠᠢ | ᠮᠡᠷᠭᠡᠵᠢᠯᠲᠡᠨ ᠤ ᠡᠭᠦᠳᠡᠨ ᠡᠮᠨᠡᠯᠭᠡ ᠶᠢ ᠪᠠᠰᠠ ᠠᠵᠤ ᠠᠬᠤᠢ ᠶᠢᠨ ᠥᠪᠡᠷ ᠤᠨ ᠥᠷᠲᠡᠭ ᠢ ᠪᠠᠭᠤᠷᠠᠭᠤᠯᠵᠤ᠂ | ᠡᠪᠡᠳᠴᠢᠲᠡᠨ ᠤ ᠣᠨᠳᠣᠣ ᠭᠠᠵᠠᠷ ᠲᠤ ᠡᠮᠨᠡᠭᠦᠯᠬᠦ ᠠᠴᠠ ᠪᠣᠯᠤᠭᠰᠠᠨ ᠵᠠᠮ ᠬᠠᠷᠢᠯᠴᠠᠭ᠎ᠠ᠂ ᠬᠤᠨᠤᠭ ᠤᠨ ᠵᠠᠷᠤᠳᠠᠯ ᠢ | ᠪᠠᠭᠠᠰᠬᠠᠵᠤ᠂ ᠥᠷᠭᠡᠨ ᠣᠯᠠᠨ ᠡᠪᠡᠳᠴᠢᠲᠡᠨ ᠳᠤ ᠦᠨᠡᠨ ᠬᠦ ᠠᠰᠢᠭ ᠬᠦᠷᠲᠡᠭᠡᠵᠦ᠂ ᠡᠮᠴᠢᠯᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠦᠬᠦᠮ ᠪᠠ ᠬᠠᠯᠠᠭᠤᠨ ᠳᠤᠯᠠᠭᠠᠨ ᠢ ᠮᠡᠳᠡᠷᠡᠭᠦᠯᠪᠡ᠃ ᠡᠭᠦᠨ ᠠᠴᠠ ᠭᠠᠳᠠᠨ᠎ᠠ᠂ ᠠᠯᠤᠰ | ᠡᠵᠡᠮᠰᠢᠯᠲᠦ ᠬᠠᠮᠲᠤᠷᠠᠭᠰᠠᠨ ᠣᠨᠣᠰᠢᠯᠠᠯᠲᠠ ᠨᠢ ᠪᠠᠰᠠ ᠡᠮᠨᠡᠯᠭᠡ ᠶᠢᠨ ᠠᠵᠢᠯᠲᠠᠨ ᠳᠤ ᠰᠤᠷᠤᠯᠴᠠᠬᠤ ᠪᠠ ᠰᠣᠯᠢᠯᠴᠠᠬᠤ | ᠲᠠᠪᠴᠠᠩ ᠬᠠᠩᠭᠠᠵᠤ᠂ ᠲᠤᠰᠬᠠᠢ ᠮᠡᠷᠭᠡᠵᠢᠯᠲᠡᠨ ᠲᠠᠢ ᠴᠠᠭ ᠲᠤᠬᠠᠢ ᠳᠤᠨᠢ ᠬᠥᠳᠡᠯᠦᠯᠴᠡᠬᠦ ᠪᠠᠷ ᠳᠠᠮᠵᠢᠭᠤᠯᠤᠨ᠂ | ᠦᠨᠳᠦᠰᠦᠨ ᠱᠠᠲᠤᠨ ᠤ ᠡᠮᠴᠢ ᠶᠢᠨ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠪᠡ᠃ | ︽ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶ᠎ᠠ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ︿ᠪᠦᠯᠬᠦᠮ ᠪᠠᠶᠢᠭᠤᠯᠬᠤ ᠬᠡᠯᠪᠡᠷᠢ﹀ ᠶᠢᠨ | ᠬᠠᠪᠰᠤᠷᠤᠨ ᠲᠡᠳᠬᠦᠬᠦ ᠠᠬᠢᠭᠤᠯᠤᠯ ᠳᠣᠣᠷ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠬᠠᠶᠢᠯᠠᠭᠰᠠᠨ | ᠠᠵᠢᠯ ᠤᠨ ᠣᠨᠣᠰᠢᠯᠠᠨ ᠡᠮᠨᠡᠬᠦ ᠳᠡᠮᠵᠢᠯᠭᠡ ᠶᠢᠨ ᠵᠠᠭᠪᠤᠷ ᠢ ᠠᠮᠵᠢᠯᠲᠠ ᠲᠠᠢ ᠪᠠᠶᠢᠭᠤᠯᠪᠠ᠃ ᠠᠯᠤᠰ ᠠᠴᠠ ᠣᠨᠣᠰᠢᠯᠠᠨ | ᠡᠮᠨᠡᠬᠦ ᠠᠵᠢᠯ ᠢ ᠠᠮᠵᠢᠯᠲᠠ ᠲᠠᠢ ᠥᠷᠨᠢᠭᠦᠯᠵᠦ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠠᠬᠢᠭᠤᠯᠤᠨ᠂ ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠬᠢᠷᠢ ᠲᠦᠪᠰᠢᠨ ᠢ | ᠳᠡᠭᠡᠭᠰᠢᠯᠡᠭᠦᠯᠵᠦ᠂ ᠡᠪᠡᠳᠴᠢᠲᠡᠨ ᠢ ᠬᠤᠰᠢᠭᠤᠨ ᠤ ᠬᠡᠪᠴᠢᠶᠡᠨ ᠳᠤ ᠭᠤᠷᠪᠠᠳᠤᠭᠠᠷ ᠳᠡᠰ ᠤᠨ ᠡᠮᠨᠡᠯᠭᠡ ᠶᠢᠨ | ᠬᠤᠷᠢᠶᠠᠨ ᠤ ᠲᠤᠰᠬᠠᠢ ᠮᠡᠷᠭᠡᠵᠢᠯᠲᠡᠨ ᠤ ᠰᠢᠯᠢᠳᠡᠭ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ᠂ ᠲᠤᠬᠠᠢ ᠶᠢᠨ | ᠭᠠᠵᠠᠷ ᠤᠨ ᠮᠠᠯᠴᠢᠨ ᠲᠠᠷᠢᠶᠠᠴᠢᠨ ᠲᠦᠮᠡᠨ ᠤ ︿ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ | ᠦᠵᠡᠭᠦᠯᠬᠦ ᠳᠤ ᠦᠨᠡᠲᠡᠢ﹀ ᠪᠠᠶᠢᠬᠤ ᠪᠣᠳᠠᠲᠠᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ︾ ᠬᠡᠵᠤ | ᠬᠤᠷᠴᠢᠨ ᠪᠠᠷᠠᠭᠤᠨ ᠭᠠᠷᠤᠨ ᠳᠤᠮᠳᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠠᠷᠤᠭ᠎ᠠ ᠶᠠᠩ ᠸᠧᠢ | ᠵᠧᠦ ᠬᠡᠯᠡᠪᠡ᠃ |