ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠡᠲᠡᠭᠡᠳ ᠢ ᠨᠡᠶᠢᠲᠡᠯᠡᠪᠡ
ᠨᠡᠶᠢᠲᠡᠯᠡᠭᠰᠡᠨ ᠴᠠᠭ᠄
2025/4/9
   ᠨᠠᠮ ᠤᠨ ᠲᠥᠪ ᠬᠤᠷᠢᠶ᠎ᠠ ᠶᠢᠨ ᠵᠥᠪᠰᠢᠶᠡᠷᠡᠯ ᠢᠶᠠᠷ᠂ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠾᠤᠪᠸᠢ ᠮᠤᠵᠢ᠂ ᠱᠠᠨ ᠰᠢ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠭᠢᠷᠢᠨ ᠮᠣᠵᠢ᠂ ᠵᠧᠵᠢᠶᠠᠩ ᠮᠣᠵᠢ᠂ ᠠᠨᠾᠦ᠋ᠶ ᠮᠣᠵᠢ᠂ ᠵᠢᠶᠠᠩᠰᠢ ᠮᠣᠵᠢ᠂ ᠾᠧᠨᠠᠨ ᠮᠤᠵᠢ᠂ ᠬᠤᠪᠸᠢ ᠮᠤᠵᠢ᠂ ᠬᠤᠨᠠᠨ ᠮᠣᠵᠢ᠂ ᠬᠠᠶᠢᠨᠠᠨ ᠮᠣᠵᠢ᠂ ᠰᠤᠴᠤᠸᠠᠨ ᠮᠣᠵᠢ᠂ ᠶᠦᠨᠨᠠᠨ ᠮᠤᠵᠢ᠂ ᠭᠠᠨᠰᠦ ᠮᠣᠵᠢ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠡᠩ ᠤᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠶᠦᠨᠨᠠᠨ ᠮᠤᠵᠢ ᠶᠢᠨ ᠺᠦᠨᠮᠢᠩ ᠬᠤᠲᠠ ᠳᠤ ᠳᠡᠰ ᠳᠡᠪᠰᠢᠭᠦᠯᠦᠭᠰᠡᠨ ᠲᠣᠭᠤᠷᠢᠨ ᠪᠠᠶᠢᠴᠠᠭᠠᠯᠲᠠ ᠥᠷᠨᠢᠭᠦᠯᠬᠦ ᠶᠢᠨ ᠬᠠᠮᠳᠤ᠂ ᠬᠤᠯᠪᠣᠭᠳᠠᠯ ᠪᠦᠬᠦᠢ ᠮᠤᠵᠢ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠪᠠᠶᠢᠭᠤᠯᠤᠮᠵᠢ ᠲᠠᠢ ᠬᠠᠮᠲᠤᠷᠠᠨ ᠴᠠᠩᠴᠦ᠋ᠨ ᠬᠤᠳᠠ᠂ ᠬᠠᠩᠵᠧᠦ ᠬᠤᠲᠠ᠂ ᠨᠢᠩᠪᠦ᠋ᠸᠧ ᠬᠤᠲᠠ᠂ ᠦᠬᠠᠨ ᠬᠤᠲᠠ᠂ ᠴᠧᠩᠳᠦ᠋ ᠬᠤᠲᠠ ᠵᠡᠷᠭᠡ 5 ᠳᠡᠳ᠋ ᠮᠤᠵᠢ ᠶᠢᠨ ᠳᠡᠰ ᠤᠨ ᠬᠤᠲᠠ ᠳᠤ ᠬᠠᠮᠲᠤᠷᠠᠭᠰᠠᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号